ᠲᠡᠵᠢᠭᠡᠪᠦᠷᠢ ᠶᠢᠨ ᠲᠠᠤᠯᠠᠢ ᠶᠢᠨ ᠥᠰᠦᠯᠲᠡ ᠲᠦᠷᠭᠡᠨ᠂ ᠦᠷᠡᠵᠢᠬᠦ ᠴᠢᠳᠠᠪᠤᠷᠢ ᠥᠨᠳᠥᠷ᠂ ᠪᠡᠶ᠎ᠡ ᠶᠢᠨ ᠳᠣᠲᠣᠭᠠᠳᠤ ᠶᠢᠨ ᠪᠣᠳᠠᠰ ᠤᠨ ᠰᠣᠯᠢᠯᠴᠠᠭ᠎ᠠ ᠰᠠᠶᠢᠨ᠂ | ᠭᠦᠢᠴᠡᠳ ᠰᠢᠮ᠎ᠡ ᠲᠡᠵᠢᠭᠡᠯ ᠬᠡᠷᠡᠭᠰᠡᠨ᠎ᠡ᠃ ᠡᠶᠢᠮᠦ ᠠᠴᠠ ᠲᠡᠵᠢᠭᠡᠪᠦᠷᠢ ᠶᠢᠨ ᠲᠠᠤᠯᠠᠢ ᠶᠢᠨ ᠡᠳᠦᠷ ᠤᠨ ᠲᠡᠵᠢᠭᠡᠯ ᠨᠢ ᠣᠯᠠᠨ ᠵᠦᠢᠯ ᠤᠨ ᠲᠡᠵᠢᠭᠡᠯ ᠪᠣᠷᠳᠤᠭ᠎ᠠ ᠪᠠᠷ | ᠪᠦᠷᠢᠯᠳᠦᠵᠦ᠂ ᠲᠡᠵᠢᠭᠡᠯ ᠪᠣᠷᠳᠣᠭᠠᠨ ᠳᠤ ᠠᠭᠤᠯᠤᠭᠳᠠᠵᠤ ᠪᠠᠶᠢᠭ᠎ᠠ ᠰᠢᠮ᠎ᠡ ᠲᠡᠵᠢᠭᠡᠯ ᠢ ᠨᠢ ᠦᠨᠳᠦᠰᠦᠯᠡᠵᠦ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ | ᠲᠠᠯ᠎ᠠ ᠪᠠᠨ ᠨᠥᠬᠦᠵᠦ᠂ ᠵᠣᠬᠢᠰᠲᠠᠢ ᠲᠣᠬᠢᠷᠠᠭᠤᠯᠬᠤ ᠬᠡᠷᠡᠭᠲᠡᠢ᠂ ᠢᠩᠭᠢᠬᠦ ᠨᠢ ᠥᠰᠦᠯᠲᠡ ᠪᠤᠶᠢᠵᠢᠯᠲᠠ ᠳᠤ ᠠᠰᠢᠭᠲᠠᠢ ᠮᠥᠷᠲᠡᠭᠡᠨ ᠤᠭᠤᠷᠠᠭ ᠤᠨ ᠬᠠᠷᠢᠯᠴᠠᠨ | ᠨᠥᠬᠦᠪᠦᠷᠢᠯᠡᠬᠦ ᠦᠢᠯᠡᠳᠦᠯ ᠳᠤ ᠴᠦ ᠠᠰᠢᠭᠲᠠᠢ ᠶᠤᠮ᠃ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠲᠡᠵᠢᠭᠡᠯ ᠪᠣᠷᠳᠣᠭᠠᠨ ᠤ ᠤᠭᠤᠷᠠᠭ ᠤᠨ ᠬᠤᠷᠣᠭᠳᠠᠯ ᠢ | ᠠᠷᠪᠢᠯᠠᠬᠤ ᠶᠢᠨ ᠲᠥᠯᠥᠭᠡ᠂ ᠦᠷᠭᠦᠯᠵᠢ ᠣᠯᠠᠨ ᠵᠦᠢᠯ ᠤᠨ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠬᠡᠷᠡᠭᠯᠡᠵᠦ᠂ ᠲᠡᠵᠢᠭᠡᠯ ᠪᠣᠷᠳᠣᠭᠠᠨ ᠤ ᠬᠤᠭᠤᠷᠣᠨᠳᠣᠬᠢ | ᠴᠢᠬᠤᠯᠠ ᠬᠡᠷᠡᠭᠴᠡᠭᠡᠨ ᠤ ᠰᠢᠪᠲᠦᠷᠲᠦ ᠬᠦᠴᠢᠯ ᠢ ᠬᠠᠷᠢᠯᠴᠠᠨ ᠨᠥᠬᠦᠪᠦᠷᠢᠯᠡᠵᠦ᠂ ᠳᠠᠩ ᠭᠠᠭᠴᠠ ᠲᠡᠵᠢᠭᠡᠯ ᠪᠣᠷᠳᠤᠭ᠎ᠠ ᠪᠠᠷ ᠲᠡᠵᠢᠭᠡᠬᠦ ᠶᠢ ᠴᠡᠭᠡᠷᠯᠡᠨ᠎ᠡ᠃ ᠵᠢᠱᠢᠶᠡᠯᠡᠪᠡᠯ | ᠦᠶᠡᠲᠦ ᠤᠷᠭᠤᠮᠠᠯ ᠤᠨ ᠢᠵᠠᠭᠤᠷ ᠤᠨ ᠦᠷ᠎ᠡ ᠶᠢᠨ ᠲᠦᠷᠦᠯ ᠳᠤ ᠶᠡᠷᠦ ᠳᠡᠭᠡᠨ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ | ᠳᠣᠣᠷ᠎ᠠ ᠠᠭᠤᠯᠤᠭᠳᠠᠳᠠᠭ᠂ ᠬᠠᠷᠢᠨ ᠪᠤᠷᠴᠠᠭ ᠤᠨ ᠢᠵᠠᠭᠤᠷ ᠤᠨ ᠦᠷ᠎ᠡ ᠳᠤ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ ᠠᠷᠪᠢᠨ | ᠠᠭᠤᠯᠤᠭᠳᠠᠵᠤ᠂ ᠥᠨᠳᠡᠭᠡᠨ ᠰᠢᠪᠲᠦᠷᠲᠦ ᠬᠦᠴᠢᠯ ᠭᠦᠢᠴᠡᠳ ᠪᠤᠰᠤ ᠪᠠᠶᠢᠳᠠᠭ᠃ ᠡᠶᠢᠮᠦ ᠠᠴᠠ ᠭᠡᠷ ᠤᠨ ᠲᠠᠤᠯᠠᠢ ᠶᠢᠨ ᠡᠳᠦᠷ ᠤᠨ ᠲᠡᠵᠢᠭᠡᠯ ᠢ ᠪᠦᠷᠢᠯᠳᠦᠭᠦᠯᠬᠦ | ᠦᠶ᠎ᠡ ᠳᠤ᠂ ᠦᠶᠡᠲᠦ ᠤᠷᠭᠤᠮᠠᠯ ᠤᠨ ᠢᠵᠠᠭᠤᠷ ᠤᠨ ᠦᠷ᠎ᠡ ᠵᠢᠴᠢ ᠳᠠᠭᠠᠯᠲᠠ ᠪᠦᠲᠦᠭᠡᠭᠳᠡᠬᠦᠨ ᠢᠶᠠᠷ ᠭᠤᠣᠯ ᠴᠣᠭᠴᠠ ᠪᠣᠯᠭᠠᠵᠤ᠂ 10%~20% ᠶᠢᠨ | ᠪᠤᠷᠴᠠᠭ ᠤᠨ ᠪᠣᠣᠪᠤ᠂ ᠯᠣᠬᠠᠱᠧᠩ ᠤᠨ ᠬᠡᠪᠡᠭ ᠤᠨ ᠲᠥᠷᠥᠯ ᠤᠨ ᠪᠣᠷᠳᠤᠭ᠎ᠠ ᠶᠢ ᠬᠤᠯᠢᠵᠤ ᠡᠳᠦᠷ ᠤᠨ ᠲᠡᠵᠢᠭᠡᠯ ᠪᠣᠯᠭᠠᠪᠠᠯ ᠪᠦᠬᠦ᠋ᠢᠯᠡ ᠬᠤᠨᠤᠭ ᠤᠨ ᠲᠡᠵᠢᠭᠡᠯ ᠤᠨ | ᠤᠭᠤᠷᠠᠭ ᠤᠨ ᠦᠢᠯᠡᠳᠦᠯ ᠪᠠ ᠠᠰᠢᠭᠯᠠᠮᠵᠢ ᠶᠢ ᠳᠡᠭᠡᠭᠰᠢᠯᠡᠭᠦᠯᠵᠦ ᠴᠢᠳᠠᠨ᠎ᠠ᠃ | |