| ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠵᠢᠴᠢ ᠪᠦᠷᠢᠮᠦᠰᠦᠨ ᠬᠠᠰᠢᠶᠠᠯᠠᠨ ᠲᠡᠵᠢᠭᠡᠬᠦ ᠨᠥᠬᠦᠴᠡᠯ ᠳᠣᠣᠷᠠᠬᠢ ᠢᠰᠢᠭᠡ ᠪᠣᠷᠳᠣᠵᠤ ᠲᠠᠷᠭᠤᠯᠠᠭᠤᠯᠬᠤ | ᠲᠤᠷᠰᠢᠯᠲᠠ ᠶᠢ ᠥᠷᠨᠢᠭᠦᠯᠵᠦ᠂ ᠮᠠᠯᠵᠢᠬᠤ ᠣᠷᠣᠨ ᠤ ᠨᠤᠯᠤᠤᠷ ᠤᠨ ᠢᠰᠢᠭᠡ ᠶᠢ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠶᠢ ᠪᠣᠭᠤᠨᠢᠰᠬᠠᠵᠤ᠂ | ᠬᠠᠮᠠᠭᠠᠯᠠᠯᠲᠠ ᠶᠢᠨ ᠣᠷᠣᠨ ᠤ ᠨᠣᠣᠯᠤᠭᠤᠷ ᠤᠨ ᠢᠮᠠᠭ᠎ᠠ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠪᠡᠯᠴᠢᠭᠡᠷ ᠤᠨ ᠳᠠᠷᠤᠯᠲᠠ ᠶᠢ | ᠬᠥᠩᠭᠡᠷᠡᠭᠦᠯᠬᠦ ᠵᠣᠷᠢᠯᠭ᠎ᠠ ᠳᠤ ᠬᠦᠷᠦᠭᠦᠯᠦᠨ᠎ᠡ᠃ ᠢᠰᠢᠭᠡ ᠶᠢ ᠰᠦ ᠠᠴᠠ ᠨᠢ ᠰᠠᠯᠭᠠᠭᠰᠠᠨ ᠤ ᠳᠠᠷᠠᠭ᠎ᠠ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ | ᠠᠷᠭ᠎ᠠ ᠪᠠᠷ ᠲᠦᠷᠭᠡᠨ ᠪᠣᠷᠳᠤᠵᠤ ᠲᠠᠷᠭᠤᠯᠠᠭᠤᠯᠵᠤ᠂ ᠪᠣᠷᠳᠣᠵᠤ ᠲᠠᠷᠭᠤᠯᠠᠭᠤᠯᠬᠤ ᠬᠤᠭᠤᠴᠠᠭᠠᠨ ᠳᠤ ᠨᠢᠭᠡ ᠢᠰᠢᠭᠡ ᠳᠤᠮᠳᠠᠴᠢ ᠪᠠᠷ ᠡᠳᠦᠷ ᠪᠦᠷᠢ 350 ᠭᠷᠡᠮ | ᠪᠣᠷᠳᠤᠭᠤᠷ ᠨᠦᠬᠦᠪᠦᠷᠢᠯᠡᠵᠦ᠂ ᠤᠷᠢᠳ ᠢᠶᠠᠷ ᠪᠠᠭ᠎ᠠ ᠳᠠᠷᠠᠭ᠎ᠠ ᠪᠠᠷ ᠠᠷᠪᠢᠨ᠂ ᠠᠭᠠᠵᠢᠮ ᠢᠶᠠᠷ ᠨᠡᠮᠡᠭᠳᠡᠭᠦᠯᠦᠨ᠎ᠡ᠃ ᠡᠭᠦᠨ ᠤ ᠬᠠᠮᠲᠤ ᠬᠠᠭᠠᠰ ᠰᠠᠷ᠎ᠠ ᠪᠤᠶᠤ ᠰᠠᠷ᠎ᠠ | ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠢᠰᠢᠭᠡᠨ ᠤ ᠪᠡᠶ᠎ᠡ ᠶᠢᠨ ᠬᠦᠨᠳᠦ ᠶᠢ ᠬᠡᠮᠵᠢᠨ᠎ᠡ᠂ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠨᠢ ᠶᠡᠷᠦ ᠳᠡᠭᠡᠨ ᠳᠥᠷᠪᠡᠨ | ᠰᠠᠷ᠎ᠠ ᠪᠠᠶᠢᠳᠠᠭ᠂ ᠪᠣᠷᠳᠣᠵᠤ ᠲᠠᠷᠭᠤᠯᠠᠭᠤᠯᠬᠤ ᠬᠤᠭᠤᠴᠠᠭᠠᠨ ᠳᠤ ᠲᠦᠷᠭᠡᠨ ᠪᠣᠷᠳᠣᠵᠤ ᠲᠠᠷᠭᠤᠯᠠᠭᠤᠯᠬᠤ + ᠪᠡᠯᠴᠢᠭᠡᠷᠯᠡᠭᠦᠯᠬᠦ ᠪᠠᠷ ᠳᠡᠮᠵᠢᠨ᠂ ᠢᠰᠢᠭᠡᠨ ᠤ ᠪᠣᠷᠳᠣᠵᠤ | ᠲᠠᠷᠭᠤᠯᠠᠭᠤᠯᠬᠤ ᠬᠤᠷᠳᠤᠴᠠ ᠨᠢ ᠤᠯᠠᠮᠵᠢᠯᠠᠯᠲᠤ ᠪᠣᠷᠳᠣᠵᠤ ᠲᠠᠷᠭᠤᠯᠠᠭᠤᠯᠬᠤ ᠵᠠᠭᠪᠤᠷ ᠠᠴᠠ ᠢᠯᠡᠳᠲᠡ ᠥᠨᠳᠥᠷ ᠪᠠᠶᠢᠵᠤ᠂ ᠠᠵᠤ ᠠᠬᠤᠢ ᠶᠢᠨ ᠦᠷ᠎ᠡ ᠠᠰᠢᠭ ᠨᠢ | ᠤᠯᠠᠮᠵᠢᠯᠠᠯᠲᠤ ᠪᠣᠷᠳᠣᠵᠤ ᠲᠡᠵᠢᠭᠡᠬᠦ ᠵᠠᠭᠪᠤᠷ ᠠᠴᠠ ᠢᠯᠡᠳᠲᠡ ᠰᠠᠶᠢᠨ ᠪᠠᠶᠢᠳᠠᠭ ᠪᠥᠭᠡᠳ ᠢᠰᠢᠭᠡᠨ ᠤ ᠵᠠᠷᠤᠴᠠᠭᠤᠯᠤᠯᠲᠠ ᠳᠤ ᠤᠷᠤᠭᠤᠯᠬᠤ ᠬᠤᠭᠤᠴᠠᠭ᠎ᠠ ᠶᠢ | ᠪᠣᠭᠤᠨᠢᠰᠬᠠᠵᠤ᠂ ᠮᠠᠯ ᠰᠦᠷᠦᠭ ᠤᠨ ᠡᠷᠭᠢᠯᠲᠡ ᠶᠢ ᠲᠦᠷᠭᠡᠳᠬᠡᠵᠦ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ ᠪᠣᠯᠣᠨ᠎ᠠ᠃ ᠡᠭᠦᠨ ᠤ ᠬᠠᠮᠲᠤ ᠨᠤᠯᠤᠤᠷ ᠤᠨ | ᠢᠰᠢᠭᠡ ᠶᠢ ᠣᠬᠤᠷ ᠬᠤᠭᠤᠴᠠᠭᠠᠨ ᠳᠤ ᠪᠣᠷᠳᠤᠵᠤ ᠲᠠᠷᠭᠤᠯᠠᠭᠤᠯᠬᠤ ᠵᠡᠷᠭᠡ ᠮᠡᠷᠭᠡᠵᠢᠯ ᠢ ᠶᠡᠬᠡᠪᠡᠷ ᠲᠦᠯᠬᠢᠨ ᠠᠬᠢᠭᠤᠯᠵᠤ᠂ ᠲᠡᠭᠦᠨ ᠤ ᠮᠢᠬᠠᠨ ᠤ ᠭᠠᠷᠤᠴᠠ ᠪᠣᠯᠣᠨ | ᠵᠠᠷᠤᠴᠠᠭᠤᠯᠤᠯᠲᠠ ᠳᠤ ᠤᠷᠤᠭᠤᠯᠬᠤ ᠨᠤᠷᠮ᠎ᠠ ᠶᠢ ᠳᠡᠭᠡᠭᠰᠢᠯᠡᠭᠦᠯᠦᠨ᠂ ᠨᠤᠯᠤᠤᠷ ᠪᠠ ᠮᠢᠬᠠᠨ ᠤ ᠬᠤᠣᠰ ᠥᠨᠳᠥᠷ ᠤᠨᠠᠯᠲᠠ ᠶᠢ ᠠᠬᠢᠭᠤᠯᠵᠤ᠂ ᠨᠤᠯᠤᠤᠷ ᠤᠨ | ᠢᠮᠠᠭᠠᠨ ᠤ ᠶᠡᠷᠦᠩᠬᠡᠶᠢᠯᠡᠭᠰᠡᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠲᠡᠭᠡᠭᠰᠢᠯᠡᠭᠦᠯᠵᠦ ᠪᠤᠯᠤᠨ᠎ᠠ᠃ | | |