ᠣᠷᠳᠣᠰ ᠲᠠᠢ ᠬᠠᠮᠲᠤ ᠭᠦᠶᠦᠰᠦᠭᠡᠢ︕
ᠨᠡᠶᠢᠲᠡᠯᠡᠭᠰᠡᠨ ᠴᠠᠭ᠄
2023/6/6
                                           ᠨᠢᠭᠡ ᠤᠳᠠᠭᠠᠨ ᠤ ᠮᠠᠷᠠᠰᠦᠨ ᠤᠷᠤᠯᠳᠤᠭᠠᠨ᠂ ᠨᠢᠭᠡ ᠤᠳᠠᠭᠠᠨ ᠤ ᠬᠠᠶᠢᠷ᠎ᠠ ᠬᠠᠯᠠᠮᠵᠢᠲᠦ ᠬᠤᠲᠠ ᠶᠢᠨ ᠪᠠᠶᠠᠷ ᠤᠨ ᠴᠤᠭᠯᠠᠭᠠᠨ᠃      ︽ᠣᠷᠳᠣᠰ ᠤᠨ ᠮᠠᠷᠠᠰᠤᠨ ᠤᠷᠤᠯᠳᠤᠭᠠᠨ︾ ᠨᠢ ᠣᠷᠳᠣᠰ ᠮᠠᠶ᠋ᠢᠭ ᠤᠨ ᠷᠣᠮᠠᠨᠲ᠋ᠢᠭ ᠢ ᠠᠭᠤᠯᠵᠤ ᠪᠠᠶᠢᠳᠠᠭ᠃ ᠤᠷᠳᠤᠰ ᠤᠨ ᠮᠠᠷᠠᠰᠤᠨ ᠤᠷᠤᠯᠳᠤᠭᠠᠨ ᠪᠣᠯ ᠥᠪᠥᠷ ᠮᠣᠩᠭᠤᠯ ᠤᠨ ᠠᠩᠬᠠᠳᠠᠭᠴᠢ ᠲᠤᠮᠤ ᠬᠡᠯᠪᠡᠷᠢ ᠶᠢᠨ ᠮᠠᠷᠠᠰᠤᠨ ᠤᠷᠤᠯᠳᠤᠭᠠᠨ ᠪᠣᠯᠤᠨ᠎ᠠ᠂ ᠮᠦᠨ ᠴᠤ ᠳᠤᠮᠳᠠᠳᠤ ᠤᠯᠤᠰ ᠤᠨ ᠴᠤᠷᠢ ᠶᠢᠨ ᠭᠠᠭᠴᠠ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ ᠪᠣᠯᠬᠤ ᠶᠤᠮ᠂ ᠤᠷᠤᠯᠳᠤᠭᠠᠨ ᠳᠤ ᠤᠷᠤᠯᠴᠠᠭᠰᠠᠳ ᠦᠳᠡ ᠶᠢᠨ ᠬᠤᠶᠢᠨ᠎ᠠ ᠶᠢᠨ 4 ᠴᠠᠭ ᠬᠠᠭᠠᠰ ᠠᠴᠠ ᠡᠬᠢᠯᠡᠨ ᠭᠦᠶᠦᠪᠠ᠃ ᠡᠯ᠎ᠡ ᠵᠠᠮ ᠱᠤᠭᠤᠮ ᠤᠨ ᠵᠢᠷᠤᠭ  ᠲᠦᠯᠦᠪᠯᠡᠭᠡ ᠨᠢ ᠴᠥᠮ ᠤᠷᠤᠯᠳᠤᠭᠠᠨ ᠳᠤ ᠤᠷᠤᠯᠴᠠᠭᠰᠠᠳ ᠤᠨ ᠭᠡᠷᠡᠯ ᠵᠢᠷᠤᠭ ᠳᠠᠳᠠᠬᠤ ᠬᠡᠷᠡᠭᠴᠡᠭᠡ ᠶᠢ ᠬᠦᠢᠴᠡᠳ ᠪᠣᠳᠣᠯᠬᠢᠯᠠᠵᠤ᠂ ︽ᠪᠥᠬᠦ ᠦᠵᠡᠮᠵᠢ ᠶᠢᠨ ᠮᠠᠶ᠋ᠢᠭ︾ ᠢᠶᠠᠷ ᠭᠤᠤᠯᠳᠠᠯᠭᠠᠳᠤ ᠬᠤᠲᠠ ᠶᠢᠨ ᠲᠣᠭᠤᠷᠢᠭ ᠤᠨ ᠰᠣᠶᠣᠯ ᠤᠨ ᠣᠨᠴᠠᠯᠢᠭ᠂ ᠥᠩᠭᠡ ᠦᠵᠡᠮᠵᠢ ᠶᠢ ᠳᠡᠯᠭᠡᠨ ᠦᠵᠡᠭᠦᠯᠵᠦ᠂ ᠵᠠᠮ ᠳᠠᠭᠠᠤ ᠶᠢᠨ ᠵᠦᠯᠭᠡ᠂ ᠭᠤᠤᠯ ᠰᠡᠳᠦᠪᠲᠦ ᠴᠡᠴᠡᠷᠯᠢᠭ᠂ ᠬᠤᠲᠠ ᠶᠢᠨ ᠬᠡᠭᠡᠷ᠎ᠡ ᠪᠠᠭᠤᠳᠠᠯᠯᠠᠬᠤ ᠭᠠᠵᠠᠷ ᠁ ᠠᠯᠢ ᠵᠠᠮ ᠢᠶᠠᠷ ᠶᠠᠪᠤᠭᠰᠠᠨ ᠴᠤ ᠴᠥᠮ ᠬᠠᠮᠤᠭ ᠤᠨ ᠠᠮᠢᠳᠤᠯᠢᠭ ᠪᠥᠭᠡᠳ ᠦᠨᠡᠨ ᠪᠣᠳᠠᠲᠠᠶ ᠬᠠᠶᠢᠷ᠎ᠠ ᠬᠠᠯᠠᠮᠵᠢᠲᠦ ᠬᠤᠲᠠ ᠶᠢ ᠣᠯᠵᠤ ᠬᠠᠷᠠᠵᠤ ᠳᠡᠶᠢᠯᠤᠨ᠎ᠠ᠃ ᠬᠠᠷᠢᠨ ᠠᠭᠤᠵᠢᠭᠤ ᠲᠠᠯᠪᠢᠭᠤ᠂ ᠠᠭᠤᠳᠠᠮᠴᠢ ᠪᠠᠭᠲᠠᠭᠠᠮᠵᠢᠲᠠᠶ ᠬᠤᠲᠠ ᠶᠢᠨ ᠬᠡᠪ ᠨᠠᠮᠪᠠ ᠨᠢ ᠶᠠᠭ ᠯᠠ ᠡᠨᠡ ᠬᠦ ᠬᠤᠲᠠ ᠶᠢᠨ ᠬᠠᠶᠢᠷ᠎ᠠ ᠰᠡᠳᠭᠢᠯᠭᠡ ᠲᠠᠢ ᠠᠳᠠᠯᠢ ᠪᠠᠶᠢᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠣᠴᠢᠳ ᠢ ᠴᠠᠭ ᠢᠮᠠᠭᠲᠠ ᠢᠨᠢᠶᠡᠮᠰᠦᠭᠯᠡᠨ ᠤᠭᠲᠤᠨ᠎ᠠ᠃ ᠤᠷᠳᠤᠰ ᠤᠨ ᠷᠣᠮᠠᠨᠲ᠋ᠢᠭ ᠢ ︽ᠭᠦᠶᠦᠭᠰᠡᠨ︾ ᠬᠥᠮᠦᠨ ᠯᠨ ᠮᠡᠳᠡᠨ᠎ᠡ᠃      ︽ᠣᠷᠳᠣᠰ ᠤᠨ ᠮᠠᠷᠠᠰᠤᠨ ᠤᠷᠤᠯᠳᠤᠭᠠᠨ︾ ᠳᠤ ᠪᠠᠰᠠ ᠣᠷᠳᠣᠰ ᠮᠠᠶ᠋ᠢᠭ ᠤᠨ ᠬᠠᠶᠢᠷ᠎ᠠ ᠬᠠᠯᠠᠮᠵᠢ ᠨᠢᠭᠤᠭᠳᠠᠵᠤ ᠪᠣᠶ᠃ ᠮᠠᠷᠠᠰᠤᠨ ᠤᠷᠤᠯᠳᠤᠭᠠᠨ ᠨᠢ ᠬᠠᠳᠠᠨ ᠵᠣᠷᠢᠭ ᠪᠣᠯᠤᠨ ᠲᠡᠰᠪᠦᠷᠢ ᠲᠡᠪᠴᠢᠶᠡᠷᠢ ᠶᠢᠨ ᠦᠵᠡᠯᠴᠡᠭᠡᠨ ᠪᠣᠯᠬᠤ ᠪᠠᠷ ᠪᠠᠷᠠᠬᠤ ᠦᠬᠡᠢ᠂ ᠨᠡᠩ ᠴᠤ ᠬᠤᠳᠠ ᠶᠢᠨ ᠴᠢᠨᠠᠷ ᠴᠢᠨᠰᠠᠭ᠎ᠠ᠂ ᠪᠣᠯᠪᠠᠰᠤᠨ ᠤ ᠬᠡᠪ ᠪᠣᠯᠪᠠᠰᠤᠷᠠᠯ᠂ ᠵᠠᠰᠠᠯᠲᠠ ᠶᠢᠨ ᠴᠢᠳᠠᠪᠤᠷᠢ ᠶᠢᠨ ᠶᠡᠭᠡ ᠰᠢᠯᠭᠠᠯᠲᠠ ᠪᠣᠯᠬᠤ ᠶᠤᠮ᠃ ᠣᠷᠳᠣᠰ ᠬᠤᠲᠠ ᠳᠣᠲᠣᠨᠣ ᠦᠢᠯᠡᠴᠢᠯᠡᠭᠡ ᠪᠠᠷ ᠬᠤᠲᠠ ᠶᠢ ᠳᠤᠯᠠᠭᠠᠴᠠᠭᠤᠯᠬᠤ ᠬᠥᠮᠦᠨ ᠢ ᠳᠤᠯᠠᠭᠠᠴᠠᠭᠤᠯᠬᠤ ᠰᠡᠳᠭᠢᠯ ᠢ ᠳᠤᠯᠠᠭᠠᠴᠠᠭᠤᠯᠬᠤ ᠴᠢᠨᠠᠷ ᠴᠢᠨᠰᠠᠭ᠎ᠠ ᠶᠢ ᠢᠯᠡᠷᠡᠭᠦᠯᠵᠦ᠂ ᠡᠯ᠎ᠡ ᠰᠠᠯᠠᠭ᠎ᠠ ᠮᠥᠴᠢᠷ᠂ ᠰᠠᠶᠢᠨ ᠳᠤᠷᠠᠴᠤᠤᠯ᠂ ᠥᠷᠭᠡᠨ ᠣᠯᠠᠨ ᠬᠤᠲᠠ ᠶᠢᠨ ᠠᠷᠠᠳ ᠣᠷᠣᠨ ᠪᠦᠰᠡ ᠨᠢᠭᠡ ᠪᠦᠷᠢ ᠳᠤ᠂ ᠭᠤᠭᠴᠤᠭ᠎ᠠ ᠨᠢᠭᠡ ᠪᠦᠷᠢ ᠳᠤ᠂ ᠠᠵᠢᠯ ᠨᠢᠭᠡ ᠪᠦᠷᠢ ᠳᠤ ᠳᠡᠭᠡᠳᠦ ᠬᠡᠮᠵᠢᠶ᠎ᠡ ᠪᠠᠷ ᠬᠠᠮᠵᠢᠯᠴᠠᠨ᠂ ᠵᠢᠵᠢᠭ ᠰᠠᠵᠢᠭ ᠬᠦᠴᠦᠨ ᠢᠶᠠᠷ ᠪᠦᠬᠦᠶᠢᠯᠨ ᠤᠷᠤᠯᠳᠤᠭᠠᠨ ᠤ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠠᠬᠢᠭᠤᠯᠵᠡᠢ᠃      ᠤᠷᠤᠯᠳᠤᠭᠠᠨ ᠳᠤ ᠲᠡᠭᠦᠰᠭᠡᠯ ᠲᠠᠢ ᠪᠠᠶᠢᠵᠤ᠂ ᠵᠣᠷᠢᠭ ᠰᠠᠨᠠᠭ᠎ᠠ ᠳᠤ ᠬᠢᠵᠠᠭᠠᠷ ᠪᠠᠶᠢᠳᠠᠭ ᠦᠭᠡᠢ ᠶᠤᠮ᠃ ᠤᠷᠳᠤᠰ ᠲᠤ ᠬᠦᠶᠤᠵᠤ ᠪᠠᠶᠢᠭ᠎ᠠ ᠨᠢ ᠬᠠᠶᠢᠷ᠎ᠠ ᠬᠠᠯᠠᠮᠵᠢᠲᠦ ᠬᠤᠳᠠ ᠳᠠᠬᠢ ᠬᠠᠶᠢᠷ᠎ᠠ ᠠᠴᠠ ᠢᠷᠡᠯᠳᠡ ᠲᠠᠢ᠂ ᠨᠡᠩ ᠴᠤ ᠪᠣᠳᠠᠲᠤ ᠬᠦᠴᠦᠨ᠂ ᠠᠮᠢᠵᠢᠷᠠᠯ ᠤᠨ ᠬᠦᠴᠦᠨ᠂ ᠪᠣᠬᠢᠷᠲᠤᠯ ᠦᠭᠡᠢ᠂ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠂ ᠵᠣᠯ ᠵᠢᠷᠭᠠᠯᠲᠤ ᠤᠷᠳᠤᠰ ᠢ ᠪᠠᠭ᠋ᠠᠷᠬᠠᠬᠤ ᠠᠴᠠ ᠢᠷᠡᠯᠳᠡ ᠲᠠᠢ ᠶᠤᠮ᠃ ᠮᠠᠷᠠᠰᠤᠨ ᠤᠷᠤᠯᠳᠤᠭᠠᠨ ᠤ ᠵᠣᠷᠢᠭ ᠰᠠᠨᠠᠭ᠎ᠠ ᠨᠢ ᠤᠷᠳᠤᠰ ᠤᠨ ᠴᠢᠰᠤᠨ ᠰᠤᠳᠠᠯ ᠳᠤ ᠰᠢᠩᠭᠡᠭᠰᠡᠨ ᠮᠣᠩᠭᠤᠯ ᠮᠤᠷᠢᠨ ᠤ ᠵᠣᠷᠢᠭ ᠰᠠᠨᠠᠭ᠎ᠠ ᠲᠠᠢ ᠠᠭᠤᠰᠤᠯᠴᠠᠨ᠎ᠠ᠃ ᠨᠢᠳᠦᠨ ᠳᠡᠭᠡᠨ ᠭᠠᠯ ᠲᠠᠢ᠂ ᠴᠡᠭᠡᠵᠢᠨ ᠳᠡᠭᠡᠨ ᠴᠤᠭ ᠲᠠᠢ᠂ ᠬᠦᠰᠡᠯ ᠵᠡᠭᠦᠳᠦ ᠪᠠᠨ ᠴᠢᠷᠮᠠᠶᠢᠨ ᠬᠥᠭᠡᠭᠡᠴᠡᠯᠳᠦᠬᠦ ᠪᠣᠯ ᠣᠷᠳᠣᠰᠴᠤᠳ ᠤᠨ ᠲᠡᠦᠬᠡ ᠪᠠ ᠪᠣᠳᠠᠲᠤ ᠠᠬᠤᠶ ᠶᠢᠨ ᠳᠤᠮᠳᠠ ᠳᠠᠪᠲᠠᠭᠳᠠᠨ ᠪᠣᠯᠪᠠᠰᠤᠷᠠᠭᠰᠠᠨ ᠵᠣᠷᠢᠭ ᠰᠠᠨᠠᠭᠠᠨ ᠤ ᠣᠨᠴᠠᠯᠢᠭ ᠰᠢᠨᠵᠢ ᠪᠤᠯᠬᠤ ᠪᠥᠭᠡᠳ ᠦᠷᠭᠦᠯᠵᠢᠯᠡᠨ ᠰᠢᠨ᠎ᠡ ᠶᠢ ᠡᠭᠦᠳᠴᠦ ᠰᠢᠯᠢᠳᠡᠭᠵᠢᠭᠦᠯᠤᠨ ᠳᠠᠪᠰᠢᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠬᠤ ᠰᠥᠰᠥ ᠵᠣᠷᠢᠭ ᠪᠠ ᠡᠭᠦᠷᠭᠡᠯᠡᠯ ᠪᠤᠯᠵᠦ ᠬᠤᠪᠢᠷᠠᠵᠠᠢ᠃ ᠡᠨᠡ ᠤᠳᠠᠭᠠᠨ ᠤ ᠤᠷᠤᠯᠳᠤᠭᠠᠨ ᠨᠢ ᠬᠠᠶᠢᠷ᠎ᠠ ᠬᠠᠯᠠᠮᠵᠢᠲᠦ ᠬᠤᠲᠠ ᠶᠢ ᠤᠬᠠᠭᠤᠯᠤᠨ ᠲᠠᠨᠢᠯᠴᠠᠭᠤᠯᠬᠤ ︽ᠴᠣᠩᠬᠤᠪᠴᠢ︾ ᠪᠣᠯᠤᠭᠰᠠᠨ ᠢᠶᠠᠷ ᠪᠠᠷᠠᠬᠤ ᠥᠬᠡᠶ᠂ ᠪᠠᠰᠠ ᠴᠤ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ︽ᠬᠥᠳᠡᠯᠭᠡᠭᠦᠷ︾ ᠪᠤᠯᠪᠠ᠃      ︽2023 ᠣᠨ ᠤ ᠤᠷᠳᠤᠰ ᠤᠨ ᠮᠠᠷᠠᠰᠤᠨ ᠤᠷᠤᠯᠳᠤᠭᠠᠨ︾ ᠳᠤ ᠪᠢᠳᠠ ᠡᠷᠡᠯᠬᠡᠭᠯᠡᠨ ᠤᠷᠤᠭᠰᠢᠯᠠᠵᠤ ᠠᠯᠤᠰ ᠢ ᠪᠠᠷᠠᠯᠠᠪᠠ᠃ ᠤᠷᠳᠤᠰ ᠬᠤᠳᠠ ᠳᠤᠷᠠᠲᠠᠶ᠎ᠠ ᠨᠡᠩ ᠤᠯᠠᠨ ᠬᠥᠮᠦᠰ ᠲᠠᠢ ᠮᠥᠷᠥ ᠵᠡᠷᠭᠡᠴᠡᠨ ᠤᠷᠤᠭᠰᠢᠯᠠᠵᠤ᠂ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢ ᠡᠭᠦᠳᠴᠦ᠂ ᠬᠠᠷᠢᠯᠴᠠᠨ ᠠᠮᠵᠢᠯᠲᠠ ᠪᠦᠲᠦᠮᠵᠢ ᠣᠯᠵᠤ᠂ ᠬᠠᠮᠲᠤ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠠᠷᠠᠯᠳᠠ ᠵᠦᠭ ᠤᠷᠤᠭᠰᠢᠯᠠᠨ᠎ᠠ᠃ ᠡᠭᠦᠨ ᠢᠶᠠᠷ ᠠᠵᠠ ᠲᠣᠬᠢᠶᠠᠯ ᠪᠣᠯᠭᠠᠵᠤ ᠂ ᠤᠷᠳᠤᠰ ᠪᠦᠬᠦ ᠤᠯᠤᠰ ᠲᠤ ︽ᠥᠪᠡᠷ ᠢ ᠪᠠᠨ ᠲᠠᠨᠢᠯᠴᠠᠭᠤᠯᠬᠤ︾ ᠨᠡᠷ᠎ᠡ ᠶᠢᠨ ᠬᠠᠭᠤᠳᠠᠰᠤ ᠪᠠᠨ ᠳᠡᠪᠰᠢᠭᠦᠯᠪᠠ᠃ ᠳᠠᠬᠢᠨ ᠠᠭᠤᠯᠵᠠᠬᠤ ᠶᠢᠨ ᠵᠦᠡᠭᠨᠡᠯ ᠳᠠᠯᠪᠢᠶ᠎ᠠ︕ 
ᠢᠷᠡᠯᠲᠡ᠄ ᠤᠷᠳᠤᠰ ᠤᠨ ᠡᠳᠤᠷ ᠤᠨ ᠰᠤᠨᠢᠨ