ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠦᠳᠣᠣ ᠪᠦᠭᠡ ᠶᠢᠨ ᠬᠢᠷᠢ ᠬᠡᠮ ᠤᠨ ᠤᠷᠤᠯᠳᠤᠭᠠᠨ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/6/6
     ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠦᠳᠣᠣ ᠪᠦᠭᠡ ᠶᠢᠨ ᠲᠦᠷᠦᠯ ᠵᠦᠢᠯ ᠤᠨ ᠬᠢᠷᠢ ᠬᠡᠮ ᠤᠨ ᠤᠷᠤᠯᠳᠤᠭᠠᠨ ᠵᠢᠴᠢ ᠰᠤᠷᠢᠯᠲᠠ ᠶᠢᠨ ᠤᠷᠤᠯᠳᠤᠭᠠᠨ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠂ ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ ᠵᠢᠦᠳᠣᠣ ᠪᠦᠭᠡ ᠶᠢᠨ ᠲᠠᠮᠢᠷᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠭᠢᠷᠢ ᠭᠡᠮ ᠢ ᠲᠡᠮᠡᠴᠡᠨ ᠤᠯᠬᠤ ᠪᠠᠷ ᠴᠢᠷᠮᠠᠶᠢᠵᠠᠭᠠᠵᠠᠢ᠃     ᠤᠷᠤᠯᠳᠤᠭᠠᠨ ᠤ ᠠᠬᠤᠢ ᠳᠠᠯᠠᠪᠠᠢ ᠳᠤ᠂ ᠲᠠᠮᠢᠷᠴᠢᠳ ᠬᠥᠬᠡ ᠴᠠᠭᠠᠨ ᠬᠤᠶᠠᠷ ᠥᠩᠭᠡ ᠶᠢᠨ ᠵᠢᠦᠳᠣᠣ ᠪᠦᠭᠡ ᠶᠢᠨ ᠬᠤᠪᠴᠠᠰᠤ ᠡᠮᠦᠰᠴᠦ᠂ ᠮᠠᠰᠢ ᠰᠢᠷᠦᠭᠦᠨ ᠳᠡᠮᠡᠴᠡᠯᠳᠦᠪᠡ᠃ ᠡᠮᠡᠭᠲᠡᠢ ᠶᠢᠨ U20-19 ᠳᠤᠭᠤᠶᠢᠯᠠᠩ ᠤᠨ 78KG ᠲᠡᠰ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ᠂ ᠴᠠᠭᠠᠨ ᠬᠤᠪᠴᠠᠰᠤᠳᠤ ᠲᠠᠯ᠎ᠠ ᠶᠢᠨ ᠤᠷᠳᠤᠰ ᠬᠤᠳᠠ ᠶᠢᠨ ᠲᠦᠯᠦᠭᠡᠯᠡᠭᠴᠢᠳ ᠤᠨ ᠠᠩᠭᠢ ᠶᠢᠨ ᠴᠢᠶᠣᠤ ᠶᠤᠸᠠᠢ ᠬᠢᠭᠡᠳ ᠬᠦᠭᠡ ᠬᠤᠪᠴᠠᠰᠤᠳᠤ ᠲᠠᠯ᠎ᠠ ᠶᠢᠨ ᠬᠥᠬᠡᠬᠤᠲᠠ ᠶᠢᠨ ᠲᠦᠯᠦᠭᠡᠯᠡᠭᠴᠢᠳ ᠤᠨ ᠠᠩᠭᠢ ᠶᠢᠨ ᠠᠨ ᠴᠢ ᠡᠯ ᠰᠢᠷᠦᠭᠦᠨ ᠦᠷᠢᠰᠦᠯᠳᠦᠬᠦ ᠪᠠᠷ ᠲᠡᠮᠵᠢᠭᠠᠳ ᠴᠢᠶᠣᠤ ᠶᠤᠸᠠᠢ ᠥᠷᠢᠰᠥᠯᠳᠦᠭᠴᠢ ᠶᠢᠨ ᠢᠶᠠᠨ ᠪᠠᠭᠤᠷᠠᠢ ᠲᠠᠯ᠎ᠠ ᠶᠢ ᠣᠯᠵᠤ ᠬᠠᠷᠠᠵᠤ᠂ ᠤᠷᠢᠳ ᠢᠶᠠᠷ ᠬᠤᠪᠢ ᠤᠯᠪᠠ᠃ ᠭᠡᠪᠡᠴᠦ ᠲᠠᠮᠢᠷ ᠲᠡᠩᠬᠡᠭᠡ ᠮᠠᠭᠤᠳᠠᠬᠤ ᠶᠢ ᠳᠠᠭᠠᠯᠳᠤᠨ ᠬᠠᠮᠤᠭ ᠡᠴᠦᠰ ᠤᠨ ᠵᠠᠩᠭᠢᠯᠠᠭ᠎ᠠ ᠶᠢᠨ ᠦᠶ᠎ᠡ ᠳᠤ ᠡᠰᠡᠷᠭᠦ ᠡᠲᠡᠭᠡᠳ ᠤᠨ ᠬᠢᠨ ᠬᠦᠭᠡᠭᠡᠨ ᠬᠦᠢᠴᠡᠵᠦ᠂ ᠬᠤᠶᠠᠷ ᠡᠲᠡᠭᠡᠳ ᠢᠶᠠᠷ ᠢᠶᠠᠨ ᠨᠡᠮᠡᠯᠲᠡ ᠤᠷᠤᠯᠳᠤᠭᠠᠨ ᠬᠢᠪᠡ᠃ ᠨᠡᠮᠡᠯᠲᠡ ᠤᠷᠤᠯᠳᠤᠭᠠᠨ ᠳᠤ᠂ ᠴᠢᠶᠣᠤ ᠶᠤᠸᠠᠢ ᠪᠠᠶᠢᠳᠠᠯ ᠢᠶᠠᠨ ᠲᠣᠬᠢᠷᠠᠭᠤᠯᠵᠤ᠂ ᠵᠠᠪᠰᠢᠶᠠᠨ ᠢ ᠠᠮᠵᠢᠨ ᠦᠷᠭᠦᠯᠵᠢᠯᠡᠨ ᠳᠠᠭᠠᠷᠢᠯᠲᠠ ᠬᠢᠵᠦ᠂ ᠡᠴᠦᠰ ᠲᠡᠭᠡᠨ 2᠄ 1 ᠪᠠᠷ ᠤᠷᠤᠯᠳᠤᠭᠠᠨ ᠳᠤ ᠲᠡᠷᠢᠭᠦᠯᠡᠵᠦ᠂ ᠲᠤᠰ ᠳᠤᠭᠤᠶᠢᠯᠠᠩ ᠤᠨ ᠤᠷᠤᠯᠳᠤᠭᠠᠨ ᠳᠤ ᠭᠤᠷᠪᠠᠳᠤᠭᠠᠷ ᠲᠤ ᠣᠷᠣᠵᠠᠶ᠃ ᠣᠯᠠᠨ ᠤᠳᠠᠭᠠᠨ ᠤ ᠲᠡᠮᠡᠴᠡᠯᠳᠦᠭᠡᠨ ᠳᠤᠮᠳᠠ᠂ ᠵᠢᠦᠳᠣᠣ ᠪᠦᠭᠡ ᠶᠢᠨ ᠲᠠᠮᠢᠷᠴᠢᠳ ᠬᠤᠷᠴᠠ ᠱᠠᠯᠠᠮᠠᠭᠠᠶ ᠴᠢᠨᠠᠷ᠂ ᠤᠶᠠᠨ ᠬᠠᠳᠠᠨ ᠴᠢᠨᠠᠷ᠂ ᠬᠦᠴᠦᠲᠦ ᠴᠢᠨᠠᠷ ᠢᠶᠠᠷ ᠢᠶᠠᠨ ᠵᠢᠦᠳᠣᠣ ᠪᠦᠭᠡ ᠶᠢᠨ ᠤᠶᠠᠨ ᠵᠥᠭᠡᠯᠡᠨ ᠢᠶᠠᠷ ᠬᠠᠲᠠᠭᠤ ᠶᠢ ᠢᠯᠠᠬᠤ᠂ ᠬᠠᠲᠠᠭᠤ ᠵᠥᠭᠡᠯᠡᠨ ᠢ ᠬᠤᠣᠰᠯᠠᠭᠤᠯᠬᠤ ᠣᠨᠴᠠᠯᠢᠭ ᠢ ᠭᠦᠢᠴᠡᠳ ᠢᠯᠡᠷᠡᠭᠦᠯᠵᠦ᠂ ᠤᠷᠤᠯᠳᠤᠭᠠᠨ ᠤ ᠰᠠᠶᠢᠨ ᠬᠢᠷᠢ ᠲᠦᠪᠰᠢᠨ ᠢ  ᠢᠯᠡᠷᠡᠭᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ 5 ᠡᠳᠦᠷ ᠶᠠᠪᠤᠭᠳᠠᠵᠦ᠂ ᠪᠥᠬᠦ ᠣᠷᠣᠨ ᠤ 12 ᠲᠦᠯᠦᠭᠡᠯᠡᠭᠴᠢᠳ ᠤᠨ ᠠᠩᠭᠢ ᠶᠢᠨ 451 ᠬᠥᠮᠦᠨ ᠣᠷᠣᠯᠴᠠᠵᠤ᠂ ᠡᠯ᠎ᠡ ᠲᠠᠰ ᠤᠨ ᠡᠮᠦᠨ᠎ᠡ 16 ᠨᠡᠷᠡᠰ ᠲᠤ ᠣᠷᠣᠭᠰᠠᠨ ᠲᠠᠮᠢᠷᠴᠢᠨ ᠰᠠᠶ᠋ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠤᠯᠬᠤ ᠪᠣᠯᠤᠨ᠎ᠠ᠃ ᠮᠠᠨ ᠤ ᠬᠤᠲᠠ ᠶᠢᠨ ᠲᠦᠯᠦᠭᠡᠯᠡᠭᠴᠢᠳ ᠤᠨ ᠠᠩᠭᠢ ᠨᠡᠶᠢᠲᠡ 38 ᠲᠠᠮᠢᠷᠴᠢᠨ ᠲᠣᠮᠢᠯᠠᠨ ᠲᠣᠰ ᠤᠳᠠᠭᠠᠨ ᠤ ᠬᠢᠷᠢ ᠬᠡᠮ ᠤᠨ ᠤᠷᠤᠯᠳᠤᠭᠠᠨ ᠳᠤ ᠣᠷᠣᠯᠴᠠᠭᠤᠯᠪᠠ᠃ ᠤᠷᠤᠯᠳᠤᠭᠠᠨ ᠤ ᠡᠬᠢᠨ ᠤ ᠡᠳᠦᠷ᠂ ᠲᠠᠮᠢᠷᠴᠢᠳ ᠤᠨ ᠤᠷᠤᠯᠳᠤᠭᠠᠨ ᠤ ᠪᠠᠶᠢᠳᠠᠯ ᠰᠠᠶᠢᠨ ᠪᠠᠶᠢᠵᠦ᠂ ᠬᠤᠶᠠᠷ ᠠᠯᠲᠠᠨ ᠮᠧᠳᠠᠯ ᠨᠢᠭᠡ ᠮᠥᠩᠭᠦᠨ ᠮᠧᠳᠠᠯ ᠬᠤᠶᠠᠷ ᠵᠡᠰ ᠮᠧᠳᠠᠯ ᠤᠨ ᠰᠠᠶᠢᠨ ᠬᠢᠷᠢ ᠪᠦᠲᠦᠮᠵᠢ ᠣᠯᠵᠠᠶ᠃ ᠲᠤᠰ ᠤᠳᠠᠭᠠᠨ ᠤ ᠰᠤᠷᠢᠯᠲᠠ ᠶᠢᠨ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠦᠳᠣᠣ ᠪᠦᠭᠡ ᠶᠢᠨ ᠲᠦᠷᠦᠯ ᠵᠦᠢᠯ ᠤᠨ ᠵᠢᠩᠬᠢᠨᠢ ᠤᠷᠤᠯᠳᠤᠭᠠᠨ ᠤ ᠪᠠᠷᠢᠮᠵᠢᠶ᠎ᠠ ᠲᠠᠢ ᠬᠠᠷᠭᠤᠭᠤᠯᠵᠦ᠂ ᠪᠦᠬᠦ ᠲᠠᠯ᠎ᠠ ᠪᠠᠷ᠂ ᠪᠦᠬᠦ ᠶᠠᠪᠤᠴᠠ ᠶᠢᠨ ᠂ ᠪᠦᠬᠦ ᠬᠦᠴᠤᠨ ᠵᠦᠢᠯ᠂ ᠪᠦᠬᠦ ᠴᠠᠭ ᠬᠤᠭᠤᠴᠠᠭ᠎ᠠ ᠪᠠ ᠣᠷᠣᠨ ᠵᠠᠢ᠂ ᠪᠦᠬᠦ ᠡᠭᠦᠷᠭᠡ ᠬᠠᠷᠢᠭᠤᠴᠠᠯᠭ᠎ᠠ ᠪᠠᠷ ᠤᠷᠤᠯᠳᠤᠭᠠᠨ ᠤ ᠡᠯ᠎ᠡ ᠲᠦᠷᠦᠯ ᠤᠨ ᠠᠵᠢᠯ ᠢ ᠵᠣᠯᠭᠠᠭᠤᠯᠬᠤ ᠵᠢᠴᠢ ᠲᠤᠬᠢᠷᠠᠭᠤᠯᠬᠤ ᠳᠤ ᠪᠦᠬᠦ ᠲᠠᠯ᠎ᠠ ᠶᠢᠨ ᠰᠣᠷᠢᠯᠲᠠ ᠪᠠ ᠶᠡᠷᠦᠩᠬᠡᠶᠢᠯᠡᠭᠰᠡᠨ ᠰᠢᠯᠭᠠᠯᠲᠠ ᠬᠢᠵᠦ᠂ ᠵᠢᠩᠬᠢᠨᠢ ᠤᠷᠤᠯᠳᠤᠭᠠᠨ ᠢ ᠠᠮᠵᠢᠯᠲᠠ ᠲᠠᠢ ᠡᠷᠬᠢᠯᠡᠬᠦ ᠳᠤ ᠪᠠᠲᠤ ᠪᠠᠬᠢ ᠰᠠᠭᠤᠷᠢ ᠲᠠᠯᠪᠢᠵᠠᠢ᠃   
ᠢᠷᠡᠯᠲᠡ᠄ ᠤᠷᠳᠤᠰ ᠤᠨ ᠡᠳᠤᠷ ᠤᠨ ᠰᠤᠨᠢᠨ