| ᠰᠤᠷᠭᠠᠨ ᠬᠥᠮᠦᠵᠢᠯ ᠤᠨ ᠶᠠᠮᠤᠨ 6 ᠰᠠᠷ᠎ᠠ ᠶᠢᠨ 5 ᠤ ᠡᠳᠦᠷ ︽ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠲᠥᠰᠦᠯ︾ ᠢ ᠨᠡᠶᠢᠲᠡᠯᠡᠪᠡ᠂ ᠲᠥᠰᠦᠯ ᠳᠤ ᠵᠢᠯᠣᠭᠤᠳᠬᠤ ᠦᠵᠡᠯ ᠰᠠᠨᠠᠭ᠎ᠠ᠂ ᠠᠵᠢᠯᠯᠠᠭᠠᠨ ᠤ ᠬᠠᠷᠠᠯᠲᠠ᠂ | ᠭᠤᠤᠯᠳᠠᠯᠭ᠎ᠠ ᠲᠠᠢ ᠡᠭᠦᠷᠭᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠡᠬᠦ ᠳᠥᠷᠪᠡᠨ ᠲᠠᠯ᠎ᠠ ᠶᠢᠨ ᠠᠭᠤᠯᠭ᠎ᠠ ᠶᠢ ᠪᠠᠭᠳᠠᠭᠠᠵᠠᠢ᠃ | ᠨᠢᠭᠡᠳᠦᠭᠡᠷ ᠪᠦᠯᠦᠭ ᠲᠠᠬᠢ ᠵᠢᠯᠣᠭᠤᠳᠬᠤ ᠦᠵᠡᠯ ᠰᠠᠨᠠᠭ᠎ᠠ ᠳᠤ᠂ ᠭᠤᠣᠯᠳᠠᠭᠤ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠠᠬᠢᠭᠤᠯᠬᠤ ᠦᠨᠳᠦᠰᠦᠨ ᠵᠢᠷᠤᠮᠯᠠᠯ ᠪᠠ ᠴᠢᠭᠯᠡᠯ ᠤᠨ ᠵᠢᠯᠤᠭᠤᠳᠤᠯᠭ᠎ᠠ ᠭᠡᠬᠦ ᠠᠭᠤᠯᠭ᠎ᠠ ᠪᠤᠢ︔ | ᠬᠤᠶᠠᠳᠤᠭᠠᠷ ᠪᠦᠯᠦᠭ ᠲᠠᠬᠢ ᠠᠵᠢᠯᠯᠠᠭᠠᠨ ᠤ ᠬᠠᠷᠠᠯᠲᠠ ᠳᠤ᠂ ᠣᠳᠣᠬᠠᠨ ᠤ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠣᠷᠣᠰᠢᠵᠤ | ᠪᠠᠶᠢᠭ᠎ᠠ ᠭᠤᠤᠯ ᠠᠰᠠᠭᠤᠳᠠᠯ ᠳᠤ ᠴᠢᠭᠯᠡᠭᠦᠯᠦᠨ ᠠᠵᠢᠯᠯᠠᠭ᠎ᠠ ᠠᠪᠴᠤ᠂ 2023 ᠣᠨ ᠳᠤ ᠥᠭᠡᠷᠡᠴᠢᠯᠡᠯᠲᠡ ᠶᠢ ᠡᠬᠢᠯᠡᠭᠦᠯᠦᠨ᠂ 2027 ᠣᠨ ᠪᠣᠯᠬᠤ ᠳᠤ ᠢᠵᠢ | ᠪᠥᠷᠢᠳᠦᠭᠰᠡᠨ ᠴᠢᠨᠠᠷᠲᠠᠶ ᠪᠠᠶᠢᠩᠭᠤ ᠶᠢᠨ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠣᠶ ᠪᠣᠯᠭᠠᠵᠤ᠂ ᠰᠠᠭᠤᠷᠢ | ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠠᠭᠤᠷ ᠠᠮᠢᠰᠬᠤᠯ ᠢ ᠪᠣᠶ ᠪᠤᠯᠭᠠᠬᠤ ᠠᠭᠤᠯᠭ᠎ᠠ ᠪᠤᠢ︔ | ᠭᠤᠷᠪᠠᠳᠤᠭᠠᠷ ᠪᠦᠯᠦᠭ ᠲᠠᠬᠢ ᠭᠤᠤᠯᠳᠠᠯᠭ᠎ᠠ ᠲᠠᠢ ᠡᠭᠦᠷᠭᠡ ᠳᠤ᠂ ᠬᠢᠴᠢᠶᠡᠯ ᠤᠨ ᠲᠥᠰᠦᠯ ᠢ ᠨᠠᠶᠢᠳᠠᠪᠤᠷᠢᠵᠢᠭᠤᠯᠬᠤ ᠲᠥᠯᠥᠪᠵᠢᠭᠦᠯᠭᠡ᠂ ᠵᠢᠭᠠᠨ | ᠰᠤᠷᠭᠠᠯᠲᠠ ᠶᠢᠨ ᠠᠷᠭ᠎ᠠ ᠮᠠᠶ᠋ᠢᠭ ᠤᠨ ᠬᠤᠪᠢᠰᠤᠯᠲᠠ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ᠂ ᠵᠢᠭᠠᠨ ᠰᠤᠷᠭᠠᠯᠲᠠ ᠶᠢᠨ ᠦᠨᠡᠯᠡᠯᠲᠡ | ᠬᠦᠳᠦᠯᠦᠮᠵᠢ᠂ ᠲᠤᠰᠬᠠᠶ ᠮᠡᠷᠭᠡᠵᠢᠯ ᠤᠨ ᠲᠤᠯᠭᠠᠭᠤᠷᠢᠯᠠᠯ ᠬᠢᠭᠡᠳ ᠲᠣᠭᠠᠴᠢᠯᠠᠭᠰᠠᠨ ᠴᠢᠳᠠᠪᠤᠷᠢ ᠣᠯᠭᠤᠬᠤ ᠲᠠᠪᠤᠨ ᠲᠠᠯ᠎ᠠ ᠠᠴᠠ 14 ᠵᠦᠢᠯ ᠤᠨ ᠠᠷᠭ᠎ᠠ ᠬᠡᠮᠵᠢᠶ᠎ᠡ | ᠳᠤᠷᠠᠳᠴᠤ᠂ ᠬᠢᠴᠢᠶᠡᠯ ᠤᠨ ᠲᠥᠯᠥᠪᠵᠢᠭᠦᠯᠭᠡ ᠲᠣᠭᠲᠠᠭᠠᠬᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠢ ᠴᠢᠩᠭᠠᠳᠬᠠᠬᠤ᠂ ᠲᠣᠭᠠᠴᠢᠯᠠᠭᠰᠠᠨ ᠴᠢᠳᠠᠪᠤᠷᠢ ᠣᠯᠭᠤᠬᠤ ᠵᠢᠭᠠᠨ ᠰᠤᠷᠭᠠᠯᠲᠠ ᠬᠢᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠳᠬᠤᠵᠤ᠂ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠣᠳᠠᠲᠠᠶ ᠪᠠᠷ | ᠨᠠᠶᠢᠳᠠᠪᠤᠷᠢᠵᠢᠭᠤᠯᠬᠤ ᠶᠢ ᠠᠬᠢᠭᠤᠯᠬᠤ ᠠᠭᠤᠯᠭ᠎ᠠ ᠪᠤᠢ︔ | ᠳᠥᠷᠪᠡᠳᠦᠭᠡᠷ ᠪᠦᠯᠦᠭ ᠲᠠᠬᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ᠂ ᠭᠤᠣᠯᠳᠠᠭᠤ ᠵᠣᠬᠢᠶᠠᠨ ᠪᠠᠶᠢᠭᠤᠯᠵᠤ ᠤᠳᠤᠷᠢᠳᠬᠤ᠂ ᠨᠥᠬᠦᠴᠡᠯ ᠢ ᠪᠠᠲᠤᠯᠠᠬᠤ᠂ | ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠳᠤ ᠪᠠᠲᠤᠯᠠᠭ᠎ᠠ | ᠬᠠᠩᠭᠠᠬᠤ ᠠᠭᠤᠯᠭ᠎ᠠ ᠪᠤᠢ᠃ | ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠲᠤᠷᠰᠢᠯᠲᠠ ᠶᠢᠨ ᠠᠵᠢᠯᠯᠠᠭ᠎ᠠ ᠶᠢ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠣᠷᠣᠭᠤᠯᠪᠠ᠃ | ᠲᠣᠰ ᠲᠥᠰᠦᠯ ᠤᠨ ᠭᠤᠤᠯᠳᠠᠯᠭ᠎ᠠ ᠲᠠᠢ ᠡᠭᠦᠷᠭᠡ ᠶᠢᠨ ᠬᠡᠰᠡᠭ ᠲᠤ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ | ᠥᠷᠨᠢᠭᠦᠯᠵᠦ᠂ ᠰᠢᠨᠵᠢᠯᠡᠬᠦ ᠤᠬᠠᠭᠠᠨ ᠤ ᠲᠥᠷᠥᠯ ᠤᠨ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠷᠭᠠᠯᠲᠠ ᠶᠢ ᠴᠢᠩᠭᠠᠳᠬᠠᠨ᠎ᠠ᠃ ᠣᠷᠣᠨ ᠨᠤᠲᠤᠭ ᠢ ᠵᠢᠯᠣᠭᠤᠳᠤᠨ | ᠰᠢᠨᠵᠢᠯᠡᠬᠦ ᠤᠬᠠᠭᠠᠨ ᠤ ᠬᠢᠴᠢᠶᠡᠯ ᠢ ᠪᠦᠷᠢᠨ ᠬᠦᠢᠴᠡᠳ ᠨᠡᠭᠡᠭᠡᠵᠦ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠤ ᠬᠢᠴᠢᠶᠡᠯ ᠤᠨ | ᠪᠠᠭᠰᠢ ᠶᠢ ᠬᠦᠢᠴᠡᠳ ᠨᠦᠬᠦᠪᠦᠷᠢᠯᠡᠨ᠎ᠡ᠃ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢ ᠴᠢᠩᠭᠠᠳᠬᠠᠵᠤ᠂ ᠨᠢᠭᠡ ᠪᠦᠯᠦᠭ | ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠶᠡᠷᠦᠩᠬᠡᠶᠢᠯᠡᠭᠰᠡᠨ ᠴᠢᠨᠠᠷᠲᠠᠶ ᠦᠢᠯᠡᠳᠦᠯᠭᠡ ᠶᠢᠨ ᠴᠢᠨᠠᠷᠲᠠᠶ ᠵᠢᠭᠠᠨ ᠰᠤᠷᠭᠠᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠶᠢ | ᠰᠢᠯᠢᠨ ᠰᠣᠩᠭᠤᠵᠤ ᠳᠡᠯᠭᠡᠷᠡᠭᠦᠯᠦᠨ᠎ᠡ᠃ ᠲᠤᠷᠰᠢᠯᠲᠠ ᠶᠢᠨ ᠵᠢᠭᠠᠨ ᠰᠤᠷᠭᠠᠯᠲᠠ ᠶᠢ ᠴᠢᠩᠭᠠᠳᠬᠠᠵᠤ᠂ ᠰᠤᠷᠤᠭᠴᠢᠳ ᠤᠨ ᠭᠠᠷ ᠬᠥᠳᠡᠯᠦᠨ ᠲᠤᠷᠰᠢᠯᠲᠠ ᠬᠢᠬᠦ ᠶᠢ | ᠴᠢᠩᠭᠠᠷᠠᠭᠤᠯᠵᠤ᠂ ᠰᠤᠷᠭᠠᠭᠤᠯᠢ ᠶᠢᠨ ᠲᠤᠷᠰᠢᠯᠲᠠ ᠶᠢᠨ ᠬᠢᠴᠢᠶᠡᠯ ᠨᠡᠭᠡᠭᠡᠭᠰᠡᠨ ᠪᠠᠶᠢᠳᠠᠯ ᠢ ᠵᠢᠭᠠᠨ ᠰᠤᠷᠭᠠᠯᠲᠠ ᠶᠢᠨ ᠪᠠᠶᠢᠴᠠᠭᠠᠨ ᠵᠢᠯᠣᠭᠤᠳᠬᠤ ᠪᠠ ᠡᠳᠦᠷ | ᠲᠤᠲᠤᠮ ᠤᠨ ᠬᠢᠨᠠᠨ ᠵᠢᠯᠣᠭᠤᠳᠬᠤ ᠳᠤ ᠣᠷᠣᠭᠤᠯᠵᠤ᠂ ᠲᠤᠷᠰᠢᠯᠲᠠ ᠶᠢᠨ ᠠᠵᠢᠯᠯᠠᠭ᠎ᠠ ᠶᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ | ᠣᠷᠣᠭᠤᠯᠤᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ᠂ ᠮᠦᠽᠧᠶ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢ | ᠰᠢᠯᠢᠨ ᠰᠣᠩᠭᠤᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠭᠠᠵᠤ᠂ | ᠰᠢᠨᠵᠢᠯᠡᠬᠦ ᠤᠬᠠᠭᠠᠨ ᠤ ᠬᠢᠴᠢᠶᠡᠯ ᠤᠨ ᠪᠠᠷᠢᠮᠵᠢᠶ᠎ᠠ ᠲᠠᠢ ᠤᠶᠠᠯᠳᠤᠭᠤᠯᠤᠨ᠂ ᠵᠣᠬᠢᠴᠠᠩᠭᠤᠶ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ | ᠲᠦᠰᠦᠪᠯᠡᠨ ᠲᠥᠯᠥᠪᠯᠡᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠦᠢᠯᠡᠳᠦᠯᠭᠡ ᠶᠢᠨ ᠰᠦᠪᠡᠭᠴᠢᠯᠡᠯᠲᠡ ᠶᠢᠨ ᠳᠤᠮᠳᠠ ᠰᠤᠷᠤᠯᠴᠠᠭᠤᠯᠤᠨᠡ ᠭᠡᠵᠦ ᠳᠤᠷᠠᠳᠴᠠᠶ᠃ | |