| ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠫᠧᠩ ᠶᠦᠨᠵᠢᠶᠠ︶ ᠤᠶᠤᠲᠠᠳ ᠤᠨ ᠦᠨᠳᠦᠰᠦᠨ | ᠡᠮ ᠡᠮᠨᠡᠯᠭᠡ ᠶᠢᠨ ᠬᠡᠷᠡᠭᠴᠡᠭᠡ ᠶᠢ ᠴᠢᠨᠠᠬᠰᠢᠳᠠ ᠪᠠᠲᠤᠯᠠᠬᠤ ᠶᠢᠨ ᠲᠥᠯᠥᠭᠡ᠂ ᠤᠯᠤᠰ ᠤᠨᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠶᠠᠮᠤᠨ ᠲᠦᠷᠦᠭᠦᠬᠡᠨ ︽ᠤᠶᠤᠲᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠲᠥᠷᠥᠯ ᠤᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ | ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠶᠡᠭᠡ ᠳᠡᠭᠡᠳᠦ | ᠰᠤᠷᠭᠠᠭᠤᠯᠢ ᠶᠢᠨ ᠪᠠᠶᠢᠭ᠎ᠠ ᠭᠠᠵᠠᠷ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠤᠶᠤᠲᠠᠳ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ ᠬᠡᠪᠡ᠃ | ᠮᠡᠳᠡᠭᠳᠡᠯ ᠳᠤ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠦᠨᠡᠨ ᠬᠦ ᠴᠢᠩᠭᠠᠳᠬᠠᠵᠤ᠂ ᠤᠶᠤᠲᠠᠳ ᠤᠨ ᠵᠠᠷᠴᠢᠮ ᠳᠡᠭᠡᠷ᠎ᠡ ᠪᠠᠨ ᠰᠤᠷᠭᠠᠭᠤᠯᠢ ᠶᠢᠨ ᠬᠠᠷᠢᠶ᠎ᠠ | ᠭᠠᠵᠠᠷ ᠲᠠᠭᠠᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ 2023 ᠣᠨ ᠤ 6 | ᠰᠠᠷ᠎ᠠ ᠶᠢᠨ ᠰᠡᠭᠦᠯᠴᠢ ᠠᠴᠠ ᠡᠮᠦᠨ᠎ᠡ᠂ ᠶᠡᠭᠡ ᠳᠡᠭᠡᠳᠦ ᠰᠤᠷᠭᠠᠭᠤᠯᠢ ᠪᠠ ᠤᠶᠤᠲᠠᠳ ᠤᠨ ᠲᠤᠳᠤᠷ᠎ᠠ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ᠂ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ | ᠤᠶᠤᠲᠠᠳ ᠤᠨ ᠳᠠᠭᠠᠳᠬᠠᠯ ᠳᠤ ᠣᠷᠣᠯᠴᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠲᠤᠳᠤᠷᠬᠠᠶᠢᠯᠠᠪᠠ᠃ | ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠠᠷᠭ᠎ᠠ ᠬᠡᠮᠵᠢᠶ᠎ᠡ ᠠᠪᠴᠤ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠤᠶᠤᠲᠠᠳ ᠤᠨ ᠬᠤᠪᠢ ᠬᠥᠮᠦᠨ ᠤ | ᠲᠤᠰᠢᠶᠠᠪᠠᠰᠤ ᠵᠣᠬᠢᠬᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠵᠣᠭᠤᠰ | ᠲᠤᠰᠢᠶᠠᠬᠰᠠᠨ ᠤ ᠳᠠᠷᠠᠭ᠎ᠠ ᠬᠤᠪᠢ ᠬᠥᠮᠦᠨ ᠤ ᠡᠭᠦᠷᠭᠡᠯᠡᠪᠡᠰᠦ ᠵᠣᠬᠢᠬᠤ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠰᠦᠢᠳᠭᠡᠯ ᠢ ᠡᠮ ᠡᠮᠨᠡᠯᠭᠡ ᠶᠢᠨ ᠠᠪᠤᠷᠠᠨ | ᠲᠤᠰᠠᠯᠠᠬᠤ ᠳᠦᠷᠢᠮ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠵᠣᠭᠤᠰ ᠮᠥᠩᠭᠦ ᠪᠠᠷ ᠲᠤᠰᠠᠯᠠᠬᠤ ᠰᠢᠰᠲ᠋ᠧᠮ ᠪᠣᠯᠤᠨ ᠨᠡᠶᠢᠭᠡᠮ ᠤᠨ | ᠨᠢᠭᠦᠯᠡᠰᠦᠩᠭᠦᠶ ᠲᠤᠰᠠᠯᠠᠮᠵᠢ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠲᠠᠮᠵᠢᠭᠤᠯᠤᠨ ᠵᠣᠭᠤᠰ ᠮᠥᠩᠭᠦ ᠪᠠᠷ ᠲᠤᠰᠠᠯᠠᠵᠤ᠂ ᠭᠡᠷ ᠤᠨᠠᠮᠢᠳᠤᠷᠠᠯ ᠨᠢ | ᠬᠦᠴᠢᠷᠳᠡᠯᠲᠡᠶ ᠰᠤᠷᠤᠭᠴᠢᠳ ᠤᠨ ᠡᠮ ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠶ ᠭᠡᠪᠡ᠃ | |