| | 7 ᠰᠠᠷ᠎ᠠ ᠶᠢᠨ 8 ᠤ ᠡᠳᠤᠷ ᠤᠨ ᠦᠳᠡᠰᠢ ᠶᠢᠨ 8 ᠴᠠᠭ 30 ᠮᠢᠨᠦ᠋ᠲ ᠲᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠦᠭᠡᠨ | ᠲᠤᠭᠠᠳᠤ ᠦᠨᠳᠤᠰᠤᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠬᠯᠠᠭᠠᠨ ᠦᠵᠡᠰᠭᠦᠯᠡᠩᠳᠤ ᠰᠠᠶᠢᠬᠠᠨ ᠦᠨᠢᠷ ᠪᠠᠶᠠᠯᠢᠭ ᠤᠯᠠᠭᠠᠨᠴᠠᠪ ᠬᠤᠳᠠ ᠶᠢᠨ ᠵᠢᠨᠢᠩ ᠲᠤᠭᠤᠷᠢᠭ | ᠲᠤ ᠦᠪᠡᠳᠡᠭᠰᠢ ᠶᠡᠭᠡᠪᠡᠷ ᠡᠬᠢᠯᠡᠵᠤ᠂ ᠪᠦᠬᠦ ᠤᠷᠤᠨ ᠤ 12 ᠠᠶᠢᠮᠠᠭ ᠬᠤᠳᠠ ᠶᠢᠨ ᠲᠦᠯᠦᠭᠡᠯᠡᠭᠴᠢᠳ ᠤᠨ ᠠᠩᠬᠢ ᠶᠢᠨ 2270 ᠲᠠᠮᠢᠷᠴᠢᠨ᠂ ᠲᠠᠰᠬᠠᠯᠵᠢᠭᠤᠯᠤᠬᠴᠢ | ᠪᠡ ᠬᠢᠨᠠᠬᠴᠢ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ | ᠰᠦᠷ ᠵᠢᠪᠬᠤᠯᠠᠩᠳᠤ ᠤᠯᠤᠰ ᠤᠨ ᠰᠦᠯᠳᠡ ᠲᠠᠭᠤᠤ ᠶᠢᠨ ᠠᠶᠠᠰ ᠤᠨ ᠲᠤᠮᠳᠡ᠂ ᠪᠦᠬᠦ ᠤᠷᠤᠨ ᠤ ᠡᠯ᠎ᠡ ᠲᠦᠯᠦᠭᠡᠯᠡᠭᠴᠢᠳ ᠤᠨ ᠪᠦᠯᠭᠦᠮ ᠤᠨ ᠬᠢᠨ ᠲᠡᠰ | ᠲᠠᠷᠠᠭ᠎ᠠ ᠲᠠᠢ ᠪᠠᠷ ᠬᠤᠷᠠᠯ ᠤᠨ ᠲᠠᠯᠠᠪᠠᠢ ᠳᠤ ᠤᠷᠤᠪᠡ᠃ ᠤᠯᠡᠨ ᠢᠶᠠᠷ ᠢᠶᠠᠨ ᠴᠤᠭ ᠪᠠᠳᠠᠷᠠᠩᠭᠤᠢ ᠤᠶᠤᠨ ᠰᠠᠨᠠᠭᠠᠨ ᠤ ᠲᠦᠷᠰᠤ ᠪᠠᠶᠢᠳᠠᠯ ᠢᠶᠠᠷ᠂ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠨᠦᠭᠦᠳ ᠤᠨ ᠠᠷᠠᠳ ᠲᠦᠮᠡᠨ᠂ ᠠᠨᠠᠷ ᠤᠨ ᠦᠷ᠎ᠡ ᠰᠢᠭ ᠨᠢᠬᠳᠠᠷᠠᠨ ᠪᠦᠯᠭᠦᠮᠳᠡᠵᠤ᠂ ᠵᠤᠯ ᠵᠢᠷᠭᠠᠯᠳᠤ ᠠᠮᠢᠳᠤᠷᠠᠯ ᠢᠶᠠᠨ | ᠴᠤᠬᠴᠠᠯᠠᠨ ᠪᠠᠶᠢᠭᠤᠯᠬᠤ ᠤᠷᠬᠢᠯᠤᠮ᠎ᠠ ᠬᠠᠯᠠᠭᠤᠨ ᠰᠡᠳᠬᠢᠯᠭᠡ ᠪᠤᠯᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠤᠯᠡᠨ ᠲᠠᠶᠠᠭᠠᠷ ᠲᠤ ᠬᠠᠷᠠᠭᠤᠯᠵᠠᠢ᠃ | ᠡᠬᠢᠯᠡᠯᠳᠡ ᠶᠢᠨ ᠶᠤᠰᠤᠯᠠᠯ ᠤᠨ ᠤᠷᠠᠨ ᠰᠠᠶᠢᠬᠠᠨ ᠤ ᠲᠤᠬᠯᠠᠯᠳᠡ ᠨᠢ ︽ᠲᠠᠯ᠎ᠠ ᠨᠤᠳᠤᠭ ᠲᠤ ᠮᠦᠡᠭᠭᠡ ᠶᠢᠨ ᠨᠠᠷᠨ ᠮᠠᠨᠳᠤᠯ᠎ᠠ︾᠂ ︽ᠮᠠᠬᠳᠠᠭᠠᠯ ᠲᠠᠭᠤᠤ ᠪᠠᠨ ᠨᠠᠮ | ᠳᠠᠭᠠᠨ ᠡᠷᠭᠦᠶ᠎ᠡ︾ ᠭᠡᠬᠦ ᠠᠭᠤᠤ ᠨᠠᠮ ᠢᠶᠠᠨ ᠮᠠᠬᠳᠠᠨ ᠲᠠᠭᠤᠯᠠᠬᠰᠡᠨ ᠲᠠᠭᠤᠤ ᠪᠦᠵᠢᠭ ᠢᠶᠠᠷ ᠡᠬᠢᠯᠡᠯᠳᠡ ᠶᠢᠨ ᠬᠦᠰᠢᠭᠡ ᠪᠠᠨ ᠰᠡᠭᠦᠵᠤ᠂ ᠦᠨᠳᠤᠰᠤᠳᠡᠨ ᠤ ᠤᠯᠠᠮᠵᠢᠯᠠᠯᠳᠤ | ᠰᠤᠶᠤᠯ ᠪᠡ ᠰᠢᠨᠵᠢᠯᠡᠭᠡ ᠮᠡᠷᠭᠡᠵᠢᠯ ᠤᠨ ᠭᠠᠶᠢᠬᠠᠮᠰᠢᠬᠳᠤ ᠤᠷᠡᠨ ᠠᠷᠭ᠎ᠠ ᠮᠡᠷᠭᠡᠵᠢᠯ ᠢ ᠤᠷᠭᠠᠨᠢᠭ ᠢᠶᠠᠷ ᠠᠰᠢᠬᠯᠠᠨ᠂ ︽ᠨᠤᠮᠢᠨ ᠵᠡᠭᠦᠳᠤ︾᠂ ︽ᠦᠨᠳᠤᠰᠤᠳᠡᠨ ᠤ | ᠪᠠᠶᠠᠰᠤᠯᠳᠤ ᠲᠠᠭᠤᠯᠠᠯ︾᠂ ︽ ᠴᠤᠴᠠᠯᠳᠡ ᠦᠭᠡᠢ ᠤᠷᠤᠬᠰᠢᠯᠠᠬᠰᠡᠨ ᠮᠤᠩᠭᠤᠯ ᠮᠤᠷᠢ︾ ᠵᠡᠷᠭᠡ ᠪᠠᠶᠠᠯᠢᠭ ᠠᠭᠤᠯᠭ᠎ᠠ ᠲᠠᠢ ᠤᠷᠡᠨ ᠰᠠᠶᠢᠬᠠᠨ ᠤ ᠲᠤᠬᠯᠠᠯᠳᠡ ᠪᠠᠷ ᠳᠡᠯᠭᠡᠷ | ᠵᠤᠨ ᠤ ᠲᠠᠯ᠎ᠠ ᠨᠤᠳᠤᠭ ᠤᠨ ᠲᠠᠩᠰᠤᠭ ᠨᠠᠭᠠᠳᠤᠮ ᠢ ᠬᠤᠷᠠᠬᠰᠡᠨ ᠤᠯᠡᠨ ᠳᠤ ᠬᠠᠷᠠᠭᠤᠯᠵᠤ᠂ ᠦᠵᠡᠭᠴᠢᠳ ᠤᠯᠠᠨ ᠤ ᠬᠠᠷᠠᠭ᠎ᠠ ᠶᠢ ᠪᠠᠶᠠᠰᠬᠠᠨ ᠰᠤᠨᠤᠷ ᠢ ᠮᠢᠯᠢᠶᠠᠯ᠎ᠠ᠃ | | ᠦᠢᠯᠠᠭᠠᠬᠰᠡᠨ ᠢᠶᠠᠷ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠦᠭᠡᠨ ᠲᠤᠭᠠᠳᠤ ᠦᠨᠳᠤᠰᠤᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ | ᠤᠨ ᠴᠤᠬᠯᠠᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠤᠩᠭᠡᠢ ᠱᠦᠵᠢ ᠰᠢ ᠶᠢᠨ ᠫᠢᠡᠭ ᠤᠨ ᠦᠨᠳᠤᠰᠤᠳᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ | ᠴᠤᠬᠴᠨ ᠶᠢᠨ ᠤᠬᠠᠮᠰᠡᠷ ᠢ ᠪᠠᠳᠤ ᠴᠤᠬᠴᠠᠯᠠᠬᠤ ᠪᠠᠷ ᠭᠤᠤᠯ ᠰᠢᠵᠢᠮ ᠪᠤᠯᠭᠠᠵᠤ᠂ ᠪᠦᠯᠭᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠳᠤ ᠡᠵᠡᠮᠳᠡᠨ᠂ | ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠶᠤᠨ ᠰᠠᠨᠠᠭᠠᠨ ᠤ ᠭᠡᠷ ᠤᠷᠤᠨ ᠢ ᠴᠤᠬᠴᠠᠯᠠᠨ ᠪᠠᠶᠢᠭᠤᠯᠵᠤ᠂ ᠦᠨᠳᠤᠰᠤᠳᠡᠨ ᠨᠦᠭᠦᠳ ᠤᠨ ᠶᠠᠪᠤᠯᠴᠠᠭ᠎ᠠ | ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠨᠠᠶᠢᠳᠠᠪᠤᠷᠢᠵᠢᠭᠤᠯᠵᠤ᠂ | ︽ᠦᠵᠡᠰᠭᠦᠯᠡᠩᠳᠤ ᠰᠠᠶᠢᠬᠠᠨ ᠦᠨᠢᠷ ᠪᠠᠶᠠᠯᠢᠭ ᠤᠯᠠᠭᠠᠨᠴᠠᠪ ᠡᠶ᠎ᠡ ᠵᠤᠬᠢᠴᠠᠯᠳᠤ ᠦᠨᠳᠤᠰᠤᠳᠡᠨ ᠤ ᠦᠪᠡᠳᠡᠭᠰᠢ ᠴᠤᠬᠯᠠᠭᠠᠨ︾ ᠢᠶᠠᠷ ᠭᠤᠤᠯ ᠰᠡᠳᠤᠪ ᠪᠤᠯᠭᠠᠵᠠᠢ᠃ | ᠲᠤᠰ ᠤᠳᠠᠭᠠᠨ ᠤ ᠤᠷᠤᠯᠳᠤᠭᠠᠨ ᠳᠤ ᠦᠨᠳᠤᠰᠤᠳᠡᠨ ᠤ ᠪᠡᠶ᠎ᠡ ᠴᠢᠬᠢᠷᠠᠬᠵᠢᠭᠤᠯᠬᠤ ᠲᠠᠮᠢᠷ᠂ ᠴᠦ᠋ ᠪᠤᠯᠢᠶᠠᠯᠳᠤᠬᠤ᠂ ᠶᠠ ᠵᠢᠶᠠ᠂ ᠬᠤᠯᠬᠤᠪᠴᠢ ᠨᠤᠮᠤ ᠪᠡ | ᠮᠤᠩᠭᠤᠯ ᠭᠡᠷ ᠪᠠᠷᠢᠬᠤ ᠲᠤᠬᠯᠠᠯᠳᠡ ᠵᠡᠷᠭᠡ ᠨᠡᠶᠢᠳᠡ 14 ᠲᠦᠷᠦᠯ ᠤᠨ ᠤᠷᠤᠯᠳᠤᠭᠠᠨ ᠪᠡ 4 ᠲᠦᠷᠦᠯ ᠤᠨ ᠦᠵᠡᠭᠦᠯᠭᠡ ᠶᠢᠨ ᠲᠤᠬᠯᠠᠯᠳᠡ ᠶᠢ ᠲᠤᠬᠢᠷᠠᠭᠤᠯᠵᠤ᠂ 7 ᠰᠠᠷ᠎ᠠ | ᠶᠢᠨ 9 ᠤ ᠡᠳᠤᠷ ᠠᠴᠠ 13 ᠤ ᠡᠳᠤᠷ ᠪᠤᠯᠳᠠᠯ᠎ᠠ ᠲᠠᠪᠤᠨ ᠡᠳᠤᠷ ᠤᠨ ᠬᠤᠭᠤᠴᠠᠭ᠎ᠠ ᠲᠠᠢ ᠶᠠᠪᠤᠬᠳᠠᠵᠤ᠂ ᠤᠷᠳᠤᠰ ᠬᠤᠳᠠ ᠶᠢᠨ 206 ᠲᠠᠮᠢᠷᠴᠢᠨ᠂ ᠪᠢᠯᠠᠭᠤ ᠰᠢᠳᠡᠬᠦ᠂ | ᠮᠤᠩᠭᠤᠯ ᠰᠢᠳᠠᠷ᠎ᠠ᠂ ᠲᠠᠪᠡᠭ ᠢᠰᠭᠦᠯᠬᠦ ᠵᠡᠷᠭᠡ 13 ᠲᠦᠷᠦᠯ ᠵᠦᠢᠯ ᠤᠨ ᠤᠷᠤᠯᠳᠤᠭᠠᠨ ᠳᠤ ᠤᠷᠤᠯᠴᠠᠬᠤ ᠪᠠᠷ ᠪᠤᠯᠤᠬᠰᠡᠨ ᠪᠠᠶᠢᠨ᠎ᠠ᠃ | | | | | | |