ᠰᠢᠨ᠎ᠡ ᠡᠭᠦᠷᠭᠡᠯᠡᠯ ᠢ ᠢᠯᠡᠷᠡᠬᠦᠯᠤᠨ ᠰᠢᠨ᠎ᠡ ᠬᠤᠪᠢ ᠨᠡᠮᠡᠷᠢ ᠦᠵᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠳᠤᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/7/13
                    ᠰᠢᠨ᠎ᠡ ᠡᠭᠦᠷᠭᠡᠯᠡᠯ ᠢ ᠢᠯᠡᠷᠡᠬᠦᠯᠤᠨ ᠰᠢᠨ᠎ᠡ ᠬᠤᠪᠢ ᠨᠡᠮᠡᠷᠢ                     ᠦᠵᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ                    ᠤᠷᠳᠤᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ                                 —  ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ                                 ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠳᠤ                                 ᠤᠷᠤᠯᠴᠠᠬᠰᠠᠳ ᠤᠨ ᠰᠤᠷᠪᠤᠯᠵᠢᠯᠠᠭ᠎ᠠ          ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠠᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ᠂ ᠪᠦᠬᠦᠳᠡ ᠬᠤᠷᠠᠯ ᠠᠴᠠ ᠳᠤᠷᠠᠳᠤᠭᠰᠠᠨ ᠰᠢᠨ᠎ᠡ ᠱᠠᠭᠠᠷᠳᠠᠯᠭ᠎ᠠ ᠶᠣᠰᠣᠭᠠᠷ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠡᠭᠦᠷᠭᠡᠯᠡᠯ ᠢ ᠢᠯᠡᠷᠡᠭᠦᠯᠦᠨ᠂ ᠰᠢᠨ᠎ᠡ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠳᠤᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠭᠡᠵᠡᠭᠡᠪᠡ᠃       ᠲᠦᠷᠦᠬᠦᠬᠡᠨ ᠮᠠᠨ ᠤ ᠬᠤᠳᠠ ᠳᠤ ᠬᠤᠷᠠᠯᠳᠤᠬᠰᠠᠨ 2023 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠨᠢ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠳᠡᠭᠡᠳᠦ ᠲᠡᠰ ᠤᠨ᠂ ᠤᠯᠠᠨ ᠡᠰᠢᠵᠢᠭᠦᠯᠦᠭᠰᠡᠨ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠤᠷᠳᠤᠰ ᠢ ᠳᠡᠯᠡᠬᠡᠢ ᠳ᠋ᠠᠬᠢᠨ ᠳᠤ ᠬᠠᠷᠠᠭᠤᠯᠤᠬᠰᠠᠨ ᠪᠠᠶᠢᠨ᠎ᠠ᠃ ᠡᠨᠡ ᠵᠢᠯ ᠤᠨ ᠲᠦᠷᠦᠭᠦᠤ 5 ᠰᠠᠷ᠎ᠠ ᠳᠤ᠂ ᠪᠥᠬᠦ ᠬᠤᠲᠠ ᠶᠢᠨ ᠲᠣᠭᠲᠠᠭᠠᠭᠰᠠᠨ ᠠᠵᠤ ᠦᠢᠯᠡᠳᠪᠤᠷᠢ  ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 57.2% ᠢᠶᠠᠷ ᠨᠡᠮᠡᠭᠳᠡᠵᠦ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠲᠠᠭᠤᠷᠢᠶᠠᠯ ᠦᠵᠡᠭᠦᠯᠬᠦ ᠣᠷᠣᠨ ᠢ ᠡᠬᠢᠯᠡᠨ ᠪᠦᠲᠦᠭᠡᠨ ᠪᠠᠶᠢᠭᠤᠯᠵᠤ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠠᠰᠢᠭᠯᠠᠯᠲᠠ ᠳᠤ ᠣᠷᠣᠭᠤᠯᠤᠨ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠬᠡᠪ ᠰᠤᠷᠳᠠᠯ ᠢ ᠪᠤᠢ ᠪᠤᠯᠭᠠᠵᠤ᠂ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠪᠢᠶᠠᠨ ᠳ᠋ᠦᠩ᠄ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠤᠨ ᠬᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ ᠢ ᠲᠠᠰ ᠲᠡᠪᠰᠢᠭᠦᠯᠤᠨ᠎ᠡ︔ ᠰᠢᠨ᠎ᠡ ᠶᠢ ᠡᠭᠦᠳᠬᠦ ᠲᠠᠪᠴᠠᠩ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠡᠯᠡᠩ᠂ ᠣᠷᠳᠣᠰ ᠤᠨ ᠲᠤᠷᠰᠢᠯᠲᠠ ᠶᠢᠨ ᠲᠠᠰᠤᠭ ᠵᠡᠷᠭᠡ ᠳᠤ ᠴᠢᠭᠯᠡᠭᠦᠯᠤᠨ᠂ ᠦᠷ᠎ᠡ ᠪᠦᠲᠦᠭᠡᠯ ᠤᠨ ᠭᠠᠷᠭᠠᠯᠲᠠ ᠶᠢ ᠲᠦᠷᠭᠡᠳᠭᠡᠵᠦ᠂ ᠲᠣᠭᠲᠠᠴᠠ ᠶᠢ ᠰᠠᠶᠢᠲᠤᠷ ᠪᠠᠶᠢᠭᠤᠯᠤᠨ᠎ᠠ︔ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠲᠠᠯ᠎ᠠ ᠪᠠᠷ᠂ ︿ᠭᠤᠷᠪᠠ ᠶᠢ ᠦᠬᠡᠢ ᠪᠤᠯᠭᠠᠬᠤ﹀ ᠪᠠ ︿ᠬᠤᠶᠠᠷ ᠲᠠᠬᠢᠨ ᠢᠶᠠᠷ ᠨᠡᠮᠡᠭᠳᠡᠭᠦᠯᠬᠦ﹀ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠤᠨ ᠬᠡᠷᠡᠭᠵᠢᠭᠦᠯᠤᠨ᠎ᠡ︔ ᠰᠢᠨ᠎ᠡ ᠶᠢ ᠡᠭᠦᠳᠬᠦ ᠣᠷᠴᠢᠨ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ ᠳᠤ ᠴᠢᠭᠯᠡᠭᠦᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ︔ ᠰᠢᠨ᠎ᠡ ᠶᠢ ᠡᠭᠦᠳᠬᠦ ᠴᠢᠳᠠᠪᠤᠷᠢᠲᠠᠨ ᠤ ᠬᠦᠷᠢᠶᠡᠨ ᠳᠤ᠂ ᠲᠡᠷᠢᠭᠦᠨ ᠤ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠡᠬᠢ ᠪᠠᠶᠠᠯᠢᠭ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠣᠷᠳᠣᠰ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ︿ᠳᠡᠯᠡᠬᠡᠶ ᠶᠢᠨ ᠲᠠᠰ ᠤᠨ ᠳᠥᠷᠪᠡᠨ ᠠᠵᠤ ᠦᠢᠯᠡᠰ﹀ ᠢ ᠴᠤᠬᠴᠠᠯᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠤᠭ ᠤᠨ ᠴᠢᠩᠭ᠎ᠠ ᠲᠤᠯᠭᠠᠭᠤᠷᠢᠯᠠᠯ ᠬᠠᠩᠭᠠᠨ᠎ᠠ︾ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠ ᠵᠢᠭᠠᠪᠤᠷᠢ ᠪᠠ ᠴᠢᠬᠤᠯᠠ ᠶᠠᠷᠢᠶ᠎ᠠ ᠲᠠᠯᠪᠢᠵᠤ᠂ ᠪᠢᠳᠡᠨ ᠤ ᠬᠤᠶᠢᠰᠢᠳᠠ ᠶᠢᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠳᠤ ᠪᠦᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠢᠯᠯᠠᠭᠠᠨ ᠤ ᠵᠦᠭᠯᠡᠭᠦᠷ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠶᠣᠰᠣᠭᠠᠷ᠂ ᠮᠠᠨ ᠤ ᠬᠤᠲᠠ ᠶᠢᠨ ᠰᠠᠭᠤᠷᠢ ᠳᠠᠪᠠᠭᠤᠯᠢᠭ᠂ ᠪᠠᠶᠢᠷᠢ ᠰᠠᠭᠤᠷᠢ ᠦᠢᠯᠡᠳᠦᠯ ᠳᠤ ᠰᠠᠭᠤᠷᠢᠯᠠᠨ᠂ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠤᠯᠭᠠᠭᠤᠷᠢᠯᠠᠬᠴᠢ ᠪᠠ ᠳᠠᠭᠠᠭᠤᠯᠤᠭᠴᠢ ᠪᠣᠯᠵᠣ᠂ ᠴᠢᠳᠠᠪᠤᠷᠢ ᠲᠠᠰ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠂ ᠪᠥᠬᠦ ᠲᠠᠯ᠎ᠠ ᠶᠢ ᠲᠤᠯᠭᠠᠭᠤᠷᠢᠯᠠᠵᠤ᠂ ᠵᠣᠷᠢᠭᠲᠠᠶ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠲᠠᠭᠤᠷᠢᠶᠠᠯ ᠦᠵᠡᠭᠦᠯᠤᠨ ᠬᠦᠳᠦᠯᠤᠨ ᠳᠠᠭᠠᠭᠤᠯᠵᠤ᠂ ᠣᠷᠳᠣᠰ ᠤᠨ ᠲᠤᠷᠰᠢᠯᠭ᠎ᠠ ᠶᠢ ᠢᠯᠡᠭᠦᠬᠡᠨ ᠭᠠᠷᠭᠠᠵᠤ᠂ ᠣᠷᠳᠣᠰ ᠤᠨ ᠨᠠᠷᠠᠲᠤ ᠲᠡᠮᠳᠡᠭᠲᠦ ᠶᠢ ᠳᠠᠭᠤᠷᠢᠰᠬᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠳᠤ ᠰᠢᠨ᠎ᠡ ᠬᠠᠭᠤᠳᠠᠰᠤ ᠶᠢ ᠡᠷᠢᠯᠬᠢᠯᠡᠨ᠂ ᠰᠢᠨ᠎ᠡ ᠵᠠᠮ ᠢᠶᠠᠷ ᠵᠠᠮᠨᠠᠵᠤ᠂ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠬᠡᠷᠡᠭᠲᠠᠢ ᠭᠡᠪᠡ᠃      ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ ᠰᠣᠶᠤᠯᠲᠦ᠂ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠤᠨ ᠬᠦᠴᠦ ᠪᠠᠨ ᠲᠥᠪᠯᠡᠷᠡᠭᠦᠯᠵᠦ᠂ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠬᠦᠷᠬᠡ ᠶᠢ ᠪᠡᠶᠡᠯᠡᠭᠦᠯᠬᠦ ᠶᠢ ᠠᠬᠢᠭᠤᠯᠤᠨ᠂ ᠤᠯᠤᠰ ᠤᠨ ᠠᠮᠢ ᠠᠬᠤᠶ ᠶᠢᠨ ᠵᠠᠰᠠᠯᠲᠠ ᠶᠢᠨ ᠲᠠᠭᠤᠷᠢᠶᠠᠯ ᠢ ᠪᠥᠲᠥᠭᠡᠨ ᠪᠠᠶᠢᠭᠤᠯᠤᠬᠰᠠᠨ ᠪᠣᠳᠠᠲᠠᠶ ᠦᠷ᠎ᠡ ᠪᠦᠲᠦᠮᠵᠢ ᠪᠠᠷ ᠣᠷᠳᠣᠰ ᠢ ︽ᠠᠮᠢ ᠠᠬᠤᠶ ᠪᠠᠷ ᠬᠦᠴᠦᠨ ᠨᠡᠮᠡᠷᠢᠯᠡᠵᠦ᠂ ᠪᠣᠬᠢᠷᠲᠤᠯ ᠥᠬᠡᠶ ᠪᠠᠷ ᠬᠦᠭᠵᠢᠭᠦᠯᠤᠨ᠂ ᠠᠮᠢᠵᠢᠷᠠᠯ ᠤᠨ ᠬᠦᠴᠦᠨ ᠢᠶᠠᠷ ᠪᠢᠯᠬᠠᠭᠤᠯᠬᠤ︾ ᠳᠡᠯᠡᠬᠡᠶ ᠶᠢᠨ ᠬᠠᠶᠢᠷ᠎ᠠ ᠬᠠᠯᠠᠮᠵᠢᠲᠦ ᠬᠤᠲᠠ ᠪᠣᠯᠭᠠᠨ ᠪᠥᠲᠥᠭᠡᠨ ᠪᠠᠶᠢᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠭᠠᠨ᠎ᠠ ᠭᠡᠵᠦ ᠢᠯᠡᠷᠭᠡᠶᠢᠯᠡᠪᠡ᠃      ᠰᠢᠨ᠎ᠡ ᠱᠠᠭᠠᠷᠳᠠᠯᠭ᠎ᠠ ᠶᠢᠨ ᠲᠤᠬᠠᠢ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠠᠮᠢᠳᠤᠯᠢᠭ ᠦᠢᠯᠡᠳᠦᠯᠭᠡ ᠪᠣᠯᠭᠠᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠮᠠᠨ ᠤ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠰᠦᠷ ᠳᠠᠯᠠᠶᠢᠴᠠᠲᠠᠢ ᠬᠦᠴᠦᠨ ᠢ ᠬᠠᠮᠲᠤ ᠪᠠᠷ ᠨᠢᠭᠲᠠᠷᠠᠭᠤᠯᠤᠨ᠎ᠠ ᠭᠡᠵᠦ ᠬᠤᠷᠠᠯ ᠳᠤ ᠣᠷᠣᠯᠴᠠᠭᠰᠠᠳ ᠢᠯᠡᠳᠭᠡᠵᠦ ᠪᠠᠶᠢᠯ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ