ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠪᠠᠨ ᠠᠮᠢᠯᠠᠭᠤᠯᠬᠤ ᠴᠢᠬᠤᠯᠠ ᠴᠢᠨᠠᠷ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/7/13
      ᠠᠵᠢᠯᠳᠠᠨ ᠤ ᠡᠮᠨᠡᠯᠬᠡ ᠶᠢᠨ ᠲᠠᠭᠠᠳᠬᠠᠯ ᠪᠠ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠳᠤ ᠤᠷᠤᠯᠴᠠᠬᠰᠠᠳ ᠤᠨ ᠡᠪᠡᠳᠴᠢᠨ ᠦᠵᠡᠬᠦᠯᠬᠦ ᠪᠠ ᠡᠮ ᠲᠠᠩ ᠠᠪᠬᠤ ᠵᠠᠷᠤᠳᠠᠯ ᠢ ᠲᠠᠩᠰᠠᠨ ᠠᠴᠠ ᠲᠠᠶᠢᠯᠬᠤ ᠳᠤ ᠲᠦᠬᠦᠮ ᠪᠤᠯᠭᠠᠬᠤ ᠡᠬᠦᠳᠡᠨ ᠠᠴᠠ ᠤᠷᠳᠤᠰ ᠬᠤᠳᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠤᠶᠢᠷ᠎ᠠ ᠳᠤ ᠪᠦᠬᠦ ᠬᠤᠳᠠ ᠶᠢᠨ ᠠᠷᠠᠳ ᠲᠤ ᠡᠮᠨᠡᠯᠬᠡ ᠶᠢᠨ ᠲᠠᠭᠠᠳᠬᠠᠯ ᠤᠨ ᠡᠯᠧᠺᠲᠷᠤᠨ ᠬᠡᠷᠡᠴᠢ ᠪᠠᠷᠢᠮᠳᠠ ᠪᠠᠨ ᠲᠦᠷᠬᠡᠬᠡᠨ ᠠᠮᠢᠯᠠᠭᠤᠯᠬᠤ ᠲᠤᠬᠠᠢ ᠨᠢᠬᠡᠨ ᠬᠤᠪᠢ ᠵᠠᠬᠢᠳᠠᠯ ᠢ ᠰᠦᠯᠵᠢᠶ᠎ᠠ ᠪᠠᠷ ᠲᠠᠷᠬᠠᠭᠠᠪᠠ᠃      ᠨᠢᠬᠡ᠂ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠬᠡᠭᠴᠢ ᠶᠠᠭᠤ ᠪᠤᠢ︖      ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠠᠴᠠ ᠨᠢᠬᠡᠳᠦᠯᠳᠡᠢ ᠪᠠᠷᠢᠮᠵᠢᠶ᠎ᠠ ᠲᠤᠭᠳᠠᠭᠠᠵᠦ᠂ ᠲᠠᠭᠠᠳᠬᠠᠯ ᠳᠤ ᠤᠷᠤᠯᠴᠠᠬᠰᠠᠳ ᠲᠤ ᠤᠯᠭᠤᠬᠰᠠᠨ ᠪᠦᠬᠦ ᠤᠯᠤᠰ ᠤᠨ ᠰᠦᠯᠵᠢᠶᠠᠨ ᠲᠡᠭᠡᠷᠡᠬᠢ ᠴᠣᠷᠢ ᠶᠢᠨ ᠭᠠᠭᠴᠠ ᠡᠮᠨᠡᠯᠬᠡ ᠶᠢᠨ ᠲᠠᠭᠠᠳᠬᠠᠯ ᠤᠨ ᠬᠡᠷᠡᠴᠢ ᠪᠠᠷᠢᠮᠳᠠ ᠪᠤᠯᠤᠨ᠎ᠠ᠃ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠨᠢ ︽  ᠢᠨᠲ᠋ᠧᠷ ᠰᠦᠯᠵᠢᠶ᠎ᠠ + ᠡᠮᠨᠡᠯᠬᠡ ᠶᠢᠨ ᠲᠠᠭᠠᠳᠬᠠᠯ︾ ᠭᠡᠯᠪᠡᠷᠢ ᠶᠢᠨ ᠠᠷᠠᠳ ᠲᠤ ᠲᠦᠬᠦᠮ ᠦᠵᠡᠬᠦᠯᠵᠦ ᠠᠰᠢᠬ ᠬᠦᠷᠳᠡᠬᠡᠬᠦ ᠰᠢᠨ᠎ᠠ ᠠᠴᠢᠶᠡᠯᠡᠪᠤᠷᠢ ᠮᠦᠨ᠃ ᠲᠡᠬᠦᠨ ᠤ ᠪᠠᠷᠢᠮᠵᠢᠶ᠎ᠠ ᠶᠢ ᠪᠦᠬᠦ ᠤᠯᠤᠰ ᠲᠤ ᠨᠢᠬᠡᠳᠦᠯᠳᠡᠢ ᠪᠠᠶᠢᠯᠭᠠᠵᠦ᠂ ᠤᠷᠤᠨ ᠪᠦᠰᠡ ᠠᠯᠤᠰᠯᠠᠨ ᠬᠠᠷᠢᠯᠴᠠᠨ ᠮᠡᠳᠡᠷᠡᠵᠦ᠂ ᠲᠠᠭᠠᠳᠬᠠᠯ ᠳᠤ ᠤᠷᠤᠯᠴᠠᠬᠰᠠᠳ ᠲᠤᠬᠳᠠᠬᠰᠠᠨ ᠡᠮ ᠡᠮᠨᠡᠯᠬᠡ ᠶᠢᠨ ᠪᠠᠶᠢᠭᠤᠯᠤᠮᠵᠢ ᠳᠤ ᠡᠮᠨᠡᠯᠬᠡ ᠶᠢᠨ ᠲᠠᠭᠠᠳᠬᠠᠯ ᠤᠨ ᠡᠯᠧᠺᠲᠷᠤᠨ ᠬᠡᠷᠡᠴᠢ ᠪᠠᠷᠢᠮᠳᠠ ᠶᠢᠨ ᠮᠡᠷᠬᠡᠨ ᠴᠤᠬᠤᠷ ᠢᠶᠠᠨ ᠭᠠᠷᠭᠠᠨ ᠦᠵᠡᠬᠦᠯᠬᠦ ᠪᠠᠷ ᠲᠠᠮᠵᠢᠭᠤᠯᠤᠨ ᠺᠤᠳ᠋ ᠰᠢᠷᠪᠢᠵᠦ ᠡᠪᠡᠳᠴᠢᠨ ᠦᠵᠡᠬᠦᠯᠬᠦ᠂ ᠡᠮ ᠬᠤᠳᠠᠯᠳᠤᠨ ᠠᠪᠬᠤ ᠶᠢ ᠪᠡᠶᠡᠯᠡᠬᠦᠯᠵᠦ᠂ ᠪᠦᠬᠦ ᠤᠯᠤᠰ ᠲᠤ ᠡᠮᠨᠡᠯᠬᠡ ᠶᠢᠨ ᠲᠠᠭᠠᠳᠬᠠᠯ ᠤᠨ ᠪᠤᠢ ᠪᠦᠬᠦᠢ ᠲᠤᠬᠠᠶᠢᠯᠠᠬᠰᠠᠨ ᠠᠵᠢᠯ ᠢ ᠬᠦᠢᠴᠡᠳᠬᠡᠬᠦ ᠳᠤ ᠪᠤᠰᠤᠳ ᠺᠠᠷᠲ ᠢ ᠠᠪᠬᠤ ᠴᠢᠬᠤᠯᠠ ᠦᠬᠡᠢ ᠪᠢᠯᠡ᠃      ᠬᠤᠶᠠᠷ᠂ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠪᠠᠷ ᠶᠠᠭᠤ ᠬᠢᠵᠦ ᠪᠣᠯᠬᠤ ᠪᠣᠶ︖      ᠲᠣᠭᠲᠠᠮᠠᠯ ᠡᠮ ᠤᠨ ᠳᠡᠯᠭᠡᠭᠦᠷ ᠠᠴᠠ ᠺᠣᠳ᠋ ᠰᠢᠷᠪᠢᠵᠦ ᠡᠮ ᠬᠤᠳᠠᠯᠳᠤᠨ ᠠᠪᠬᠤ᠂ ᠲᠣᠭᠲᠠᠮᠠᠯ ᠡᠮᠨᠡᠯᠭᠡ ᠶᠢᠨ ᠬᠤᠷᠢᠶ᠎ᠠ ᠳᠤ ᠳ᠋ᠤᠭᠠᠷᠯᠠᠬᠤ᠂ ᠡᠮᠨᠡᠭᠦᠯᠬᠦ᠂ ᠡᠮ ᠠᠪᠬᠤ᠂ ᠣᠨᠣᠰᠢᠯᠠᠨ ᠡᠮᠨᠡᠬᠦ᠂ ᠡᠮᠨᠡᠯᠭᠡ ᠳᠤ ᠰᠠᠭᠤᠬᠤ ᠵᠡᠷᠭᠡ ᠬᠡᠷᠡᠭᠯᠡᠭᠡᠨ ᠤ ᠲᠠᠯᠠᠪᠤᠷ ᠲᠤ ᠺᠣᠳ᠋ ᠰᠢᠷᠪᠢᠵᠦ ᠳ᠋ᠦᠩᠨᠡᠨ ᠪᠤᠳᠤᠵᠦ ᠪᠣᠯᠣᠨ᠎ᠠ᠃ ᠪᠠᠰᠠ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠣᠨᠳᠣᠣ ᠭᠠᠵᠠᠷ ᠲᠤ ᠡᠮᠴᠢᠯᠡᠭᠦᠯᠬᠦ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠭᠤᠶᠤᠴᠢᠯᠠᠯ ᠵᠡᠷᠭᠡ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠳᠠᠭᠠᠳᠬᠠᠯ ᠳᠤ ᠣᠷᠣᠯᠴᠠᠭᠰᠠᠨ ᠪᠠᠶᠢᠳᠠᠯ᠂ ᠲᠠᠩᠰᠠ ᠲᠠᠶᠢᠯᠬᠤ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠣᠨ᠎ᠠ᠃     ᠭᠤᠷᠪᠠ᠂ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠪᠥᠬᠦ ᠤᠯᠤᠰ ᠲᠤ ᠨᠡᠶᠢᠳᠡᠮ ᠬᠡᠷᠡᠭᠯᠡᠵᠦ ᠪᠤᠯᠤᠨ᠎ᠠ ᠤᠤ︖     ᠪᠥᠬᠦ ᠤᠯᠤᠰ ᠲᠤ ᠨᠡᠶᠢᠳᠡᠮ ᠬᠡᠷᠡᠭᠯᠡᠵᠦ ᠪᠠᠶᠢᠨ᠎ᠠ᠃ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠠᠴᠠ ᠨᠢᠭᠡᠳᠦᠯᠲᠡᠢ ᠪᠣᠶ ᠪᠣᠯᠭᠠᠵᠤ᠂ ᠪᠠᠷᠢᠮᠵᠢᠶ᠎ᠠ ᠶᠢ ᠪᠥᠬᠦ ᠤᠯᠤᠰ ᠲᠤ ᠨᠢᠭᠡᠳᠭᠡᠵᠦ᠂ ᠣᠷᠣᠨ ᠪᠦᠰᠡ ᠠᠯᠤᠰᠯᠠᠨ ᠵᠠᠷᠦᠵᠦ ᠪᠤᠯᠳᠠᠭ᠃ ᠳᠠᠭᠠᠳᠬᠠᠯ ᠳᠤ ᠣᠷᠣᠯᠴᠠᠭᠴᠢ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠬᠡᠷᠡᠭᠯᠡᠨ ᠪᠥᠬᠦ ᠤᠯᠤᠰ ᠲᠤ ᠬᠤᠯᠪᠣᠭᠳᠠᠯ ᠪᠦᠬᠦᠢ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠣᠨ᠎ᠠ᠃ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠦᠨᠡᠨ ᠨᠡᠷ᠎ᠡ ᠪᠠ ᠦᠨᠡᠨ ᠬᠥᠮᠥᠨ ᠤ ᠭᠡᠷᠡᠴᠢᠯᠡᠭᠡ ᠪᠠᠷ ᠳᠠᠮᠵᠢᠵᠦ᠂ ᠤᠯᠤᠰ ᠲᠠᠭᠠᠨ ᠦᠢᠯᠡᠳᠪᠦᠷᠢᠯᠡᠭᠰᠡᠨ ᠨᠢᠭᠤᠴᠠᠯᠠᠨ ᠪᠤᠳᠤᠬᠤ ᠠᠷᠭ᠎ᠠ᠂ ᠲᠤᠭ᠎ᠠ ᠪᠠᠷᠢᠮᠲᠠ ᠶᠢ ᠨᠢᠭᠤᠴᠠᠯᠠᠨ ᠳᠠᠮᠵᠢᠭᠤᠯᠬᠤ᠂ ᠬᠦᠳᠡᠯᠤᠩᠭᠦᠢ ᠬᠤᠶᠠᠷ ᠬᠡᠮᠵᠢᠯᠲᠦ ᠺᠤᠳ᠋ ᠢᠶᠠᠷ ᠳᠡᠯᠭᠡᠨ ᠦᠵᠡᠭᠦᠯᠵᠦ᠂ ᠬᠤᠪᠢ ᠬᠥᠮᠥᠨ ᠤ ᠮᠡᠳᠡᠭᠡ ᠵᠠᠩᠭᠢ ᠪᠠ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠦ ᠪᠠᠶᠢᠨ᠎ᠠ᠃      ᠲᠦᠷᠪᠡ᠂ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠬᠡᠷᠡᠭᠯᠡᠬᠦ ᠨᠢ ᠶᠠᠮᠠᠷ ᠰᠠᠶᠢᠨ ᠲᠠᠯ᠎ᠠ ᠲᠠᠢ ᠪᠣᠶ︖      ᠡᠮᠨᠡᠯᠭᠡ ᠶᠢᠨ ᠬᠤᠷᠢᠶᠠᠨ ᠤ ᠬᠥᠮᠥᠨ ᠣᠯᠠᠨ ᠴᠤᠭᠯᠠᠷᠠᠳᠠᠭ ᠭᠠᠵᠠᠷ ᠲᠤ ᠰᠤᠯᠠ ᠵᠣᠭᠤᠰ ᠡᠷᠢᠬᠦ ᠪᠠ ᠺᠠᠷᠲ ᠤᠩᠰᠢᠭᠰᠠᠨ ᠠᠴᠠ ᠪᠣᠯᠵᠤ ᠬᠥᠮᠥᠨ ᠲᠠᠢ ᠣᠶᠢᠷᠠᠲᠤᠯᠴᠠᠬᠤ ᠠᠴᠠ ᠵᠠᠶᠢᠯᠠᠰᠭᠢᠵᠦ᠂ ᠡᠪᠡᠳᠴᠢᠲᠡᠨ ᠤ ᠡᠷᠡᠭᠦᠯ ᠮᠡᠨᠳᠦ ᠶᠢ ᠨᠠᠩ ᠰᠠᠶᠢᠨ ᠪᠠᠲᠤᠯᠠᠵᠤ ᠴᠢᠳᠠᠬᠤ ᠮᠥᠷᠲᠡᠭᠡᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ᠡᠭᠦᠨ ᠤ ᠵᠡᠷᠭᠡ ᠪᠠᠷ᠂ ᠬᠥᠮᠥᠨ ᠤ ᠵᠢᠰᠦ ᠴᠢᠷᠠᠢ ᠶᠢ ᠢᠯᠭᠠᠨ ᠲᠠᠨᠢᠬᠤ ᠪᠠᠷ ᠳᠠᠮᠵᠢᠵᠦ᠂ ᠳᠠᠭᠠᠳᠬᠠᠯ ᠳᠤ ᠣᠷᠣᠯᠴᠠᠭᠰᠠᠨ ᠲᠣᠰ ᠬᠥᠮᠥᠨ ᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠦᠨᠡᠨ ᠬᠥᠮᠥᠨ ᠢᠶᠠᠷ ᠨᠢ ᠰᠢᠯᠭᠠᠨ ᠭᠡᠷᠡᠴᠢᠯᠡᠭᠦᠯᠬᠦ ᠶᠢ ᠪᠡᠶᠡᠯᠡᠭᠦᠯᠵᠦ᠂ ᠡᠮᠨᠡᠯᠭᠡ ᠶᠢᠨ ᠳᠠᠭᠠᠳᠬᠠᠯ ᠤᠨ ᠺᠠᠷᠲ ᠢ ᠬᠤᠯᠠᠭᠠᠶᠢᠯᠠᠨ ᠬᠡᠷᠡᠭᠯᠡᠵᠦ ᠬᠠᠭᠤᠷᠮᠠᠭᠯᠠᠨ ᠬᠡᠷᠡᠭᠯᠡᠬᠦ ᠦᠢᠯᠨ ᠠᠵᠢᠯᠯᠠᠭ᠎ᠠ ᠶᠢ ᠰᠡᠷᠭᠡᠶᠢᠯᠡᠵᠦ᠂ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢᠨ ᠠᠮᠤᠷ ᠳᠦᠪᠰᠢᠨ ᠢ ᠪᠠᠳᠤᠯᠠᠬᠤ ᠪᠤᠯᠤᠨ᠎ᠠ᠃       ᠲᠠᠪᠤ᠂ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠ ᠡᠯᠧᠺᠲᠷᠣᠨ ᠨᠡᠶᠢᠭᠡᠮ ᠤᠨ ᠪᠠᠳᠤᠯᠠᠭ᠎ᠠ ᠶᠢᠨ ᠺᠠᠷᠲ ᠶᠠᠮᠠᠷ ᠢᠯᠭᠠᠭ᠎ᠠ ᠲᠠᠢ ᠪᠤᠢ︖      ① ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠣᠯ ᠤᠯᠤᠰ ᠪᠠ ᠣᠷᠣᠨ ᠨᠤᠲᠤᠭ ᠤᠨ ᠡᠮᠴᠢᠯᠡᠬᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠤ ᠲᠠᠯ᠎ᠠ ᠠᠴᠠ ᠮᠠᠭᠠᠳᠯᠠᠨ ᠲᠣᠭᠲᠠᠭᠠᠭᠰᠠᠨ ᠰᠦᠯᠵᠢᠶᠡᠨ ᠳᠡᠭᠡᠷᠡᠬᠢ ᠴᠣᠷᠢ ᠶᠢᠨ ᠭᠠᠭᠴᠠ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠮᠥᠨ᠃ ᠬᠡᠷᠡᠭᠯᠡᠭᠴᠢ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠤ ᠳᠠᠷᠠᠭ᠎ᠠ᠂ ᠬᠡᠷᠡᠭᠯᠡᠭᠴᠢ ᠶᠢᠨ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠣᠪᠴᠢᠶ᠎ᠠ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠳᠤᠯᠠᠬᠰᠠᠨ ᠤᠷᠢᠳᠠᠯ ᠳᠤᠤᠷ᠎ᠡ ᠡᠮᠨᠡᠯᠭᠡ ᠶᠢᠨ ᠳᠠᠭᠠᠳᠬᠠᠯ ᠤᠨ ᠮᠦᠡᠭᠬᠦ ᠪᠠᠨ ᠬᠡᠷᠡᠭᠯᠡᠵᠦ᠂ ᠲᠠᠩᠰᠠ ᠪᠠᠨ ᠪᠠᠶᠢᠴᠠᠭᠠᠬᠤ ᠪᠠ ᠲᠠᠩᠰᠠᠯᠠᠭᠤᠯᠬᠤ ᠦᠢᠯᠡᠴᠢᠯᠡᠭᠡ ᠶᠢ ᠬᠢᠯᠪᠠᠷᠬᠠᠨ ᠬᠦᠷᠳᠡᠵᠦ ᠪᠤᠯᠳᠠᠭ᠃      ② ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠣᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠣᠷᠣᠨ ᠨᠤᠲᠤᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠤ ᠲᠠᠯ᠎ᠠ ᠠᠴᠠ ᠮᠠᠭᠠᠳᠯᠠᠨ ᠲᠣᠭᠲᠠᠭᠠᠭᠰᠠᠨ ᠰᠦᠯᠵᠢᠶᠡᠨ ᠳᠡᠭᠡᠷᠡᠬᠢ ᠴᠣᠷᠢ ᠶᠢᠨ ᠭᠠᠭᠴᠠ ᠨᠡᠶᠢᠭᠡᠮ ᠤᠨ ᠪᠠᠲᠤᠯᠠᠭ᠎ᠠ ᠶᠢᠨ ᠭᠡᠷᠡᠴᠢ ᠪᠠᠷᠢᠮᠲᠠ ᠮᠥᠨ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠬᠡᠷᠡᠭᠯᠡᠭᠴᠢ ᠶᠢᠨ ᠰᠦᠯᠵᠢᠶᠡᠨ ᠳᠡᠭᠡᠷᠡᠬᠢ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠬᠰᠠᠨ ᠵᠡᠷᠭᠡ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠬᠡᠷᠡᠭᠯᠡᠭᠴᠢ ᠶᠢᠨ ᠨᠡᠶᠢᠬᠡᠮ ᠤᠨ ᠪᠠᠳᠤᠯᠠᠭ᠎ᠠ ᠶᠢᠨ ᠮᠡᠳᠡᠭᠡ ᠵᠠᠩᠬᠢ ᠶᠢᠨ ᠠᠮᠤᠷ ᠲᠦᠪᠰᠢᠨ ᠢ ᠪᠠᠳᠤᠯᠠᠵᠦ ᠪᠠᠶᠢᠳᠠᠭ᠃      ᠵᠢᠷᠭᠤᠭ᠎ᠠ᠂ ᠡᠮᠨᠡᠯᠭᠡ ᠶᠢᠨ ᠳᠠᠭᠠᠳᠬᠠᠯ ᠤᠨ  ᠡᠯᠧᠺᠲᠷᠣᠨ ᠭᠡᠷᠡᠴᠢ ᠪᠠᠷᠢᠮᠲᠠ ᠪᠠᠨ ᠠᠮᠢᠯᠠᠭᠤᠯᠬᠤ ᠠᠷᠭ᠎ᠠ ᠪᠠᠷᠢᠯ      ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠤᠯᠤᠰ ᠤᠨ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP᠂ ᠥᠪᠥᠷ ᠮᠣᠩᠭᠤᠯ ᠤᠨ ᠡᠮᠨᠡᠯᠭᠡ ᠶᠢᠨ ᠳᠠᠭᠠᠳᠬᠠᠯ ᠤᠨ APP᠂ ᠤᠷᠳᠤᠰ ᠬᠤᠳᠠ ᠶᠢᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠵᠢᠷᠬᠢᠶ᠎ᠠ ᠲᠠᠪᠴᠠᠩ᠂ ᡁᠢ ᠹᠦ᠋ ᠪᠤᠣ ᠪᠠ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠷᠬᠡ ᠣᠯᠭᠤᠭᠰᠠᠨ ᠭᠤᠷᠪᠠᠳᠠᠬᠢ ᠡᠲᠡᠭᠡᠳ ᠤᠨ ᠠᠮᠢᠯᠠᠭᠤᠯᠬᠤ ᠠᠷᠭ᠎ᠠ ᠵᠠᠮ ᠢᠶᠠᠷ ᠨᠠᠪᠳᠠᠷᠡᠵᠦ ᠪᠤᠯᠤᠨ᠎ᠠ ᠃ ᠡᠬᠦᠨ ᠳᠤ ᠭᠠᠷ ᠤᠳᠠᠰᠤ ᠦᠬᠡᠢ ᠨᠠᠰᠤᠳᠠᠨ ᠪᠠ ᠨᠢᠯᠬ᠎ᠠ ᠬᠡᠤᠬᠡᠳ ᠤᠨ ᠬᠢ ᠶᠢ ᠲᠦᠷᠦᠯ ᠰᠠᠳᠤᠨ ᠤ ᠲᠠᠩᠰᠠ ᠪᠠᠷ ᠨᠠᠮᠠᠨ ᠲᠠᠩᠰᠠᠯᠠᠭᠤᠯᠵᠦ ᠂ ᠪᠡᠶ᠎ᠠ ᠶᠢᠨ ᠦᠨᠡᠮᠯᠠᠯ ᠢᠶᠠᠨ ᠲᠠᠩᠰᠠᠯᠠᠭᠤᠯᠤᠭᠰᠠᠨ ᠦᠬᠡᠢ ᠨᠢᠯᠬ᠎ᠠ ᠬᠡᠤᠬᠡᠳ ᠤᠨ ᠬᠢ ᠪᠤᠯ ᠲᠦᠷᠦᠭᠰᠡᠨ ᠬᠡᠤᠬᠡᠳ ᠤᠨ ᠠᠨᠠᠭᠠᠬᠤ ᠤᠬᠠᠭᠠᠨ ᠤ ᠬᠡᠷᠡᠴᠢ ᠪᠠᠷ ᠪᠡᠶᠡᠯᠡᠬᠦᠯᠵᠦ ᠪᠤᠯᠳᠠᠭ᠃       
ᠢᠷᠡᠯᠲᠡ᠄ ᠤᠷᠳᠤᠰ ᠤᠨ ᠡᠳᠤᠷ ᠤᠨ ᠰᠤᠨᠢᠨ