ᠭᠦᠨᠵᠡᠭᠡᠶ ᠣᠶᠢᠯᠠᠭᠠᠨ ᠰᠤᠷᠤᠯᠴᠠᠵᠤ ᠤᠨᠢᠨ ᠳᠡᠭᠡᠷ᠎ᠡ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ
ᠨᠡᠶᠢᠲᠡᠯᠡᠭᠰᠡᠨ ᠴᠠᠭ᠄
2023/7/17
                           — ᠬᠤᠳᠠ ᠶᠢᠨ ᠨᠠᠮ ᠤᠨ ᠬᠤᠷᠢᠶ᠎ᠠ ᠶᠢᠨ ᠲᠡᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠤᠬᠠᠢ ᠨᠢᠭᠡᠨᠳᠡ ᠦᠭᠦᠯᠡᠭᠦ ᠨᠢ       ᠬᠠᠷᠠᠯᠲᠠ ᠨᠢ ᠤᠷᠤᠭᠰᠢᠯᠠᠯᠲᠠ ᠶᠢᠨ ᠴᠢᠭᠯᠡᠯ ᠢ ᠬᠦᠳᠤᠯᠤᠨ ᠳᠠᠭᠠᠭᠤᠯᠵᠤ᠂ ᠬᠠᠷᠠᠯᠲᠠ ᠨᠢ ᠲᠡᠮᠡᠴᠡᠯ ᠤᠨ ᠬᠦᠴᠦᠨ ᠢ ᠨᠢᠭᠲᠠᠷᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠦ ᠬᠤᠲᠠ ᠳᠤ ︽ᠰᠢᠨ᠎ᠡ ᠵᠠᠮ ᠢᠶᠠᠷ ᠵᠠᠮᠨᠠᠵᠤ᠂ ᠡᠮᠦᠨ᠎ᠡ ᠡ᠊ᠩᠨᠡᠭᠡᠨ ᠳᠤ ᠣᠷᠣᠬᠤ︾ ᠲᠠᠶᠢᠴᠢᠯᠠᠯᠳᠡ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃ ᠪᠢᠳᠡᠨ ᠤ ᠡᠮᠦᠨ᠎ᠡ ᠲᠠᠯᠪᠢᠭᠳᠠᠵᠤ ᠪᠠᠶᠢᠭ᠎ᠠ ᠲᠡᠷᠢᠭᠦᠨ ᠴᠢᠬᠤᠯᠠ ᠡᠭᠦᠷᠭᠡ ᠪᠣᠯ ᠳᠠᠷᠤᠶ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠨ᠂ ᠰᠢᠨᠲᠠᠷᠠᠰᠢ ᠦᠭᠡᠢ ᠬᠠᠳᠠᠨ ᠵᠣᠷᠢᠭ ᠪᠠ ᠦᠷᠯᠤᠬᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ ᠢᠳᠡᠷᠡᠭᠦᠨ ᠤᠷᠤᠭᠰᠢᠯᠠᠬᠤ ᠶᠠᠪᠤᠳᠠᠯ ᠪᠣᠯᠤᠨ᠎ᠠ᠃       ᠦᠵᠡᠯ ᠰᠠᠨᠠᠭ᠎ᠠ ᠲᠣᠳᠣᠷᠬᠠᠶ ᠪᠠᠶᠢᠪᠠᠯ ᠰᠠᠶ᠋ᠢ ᠴᠢᠭᠯᠡᠯ ᠲᠣᠳᠣᠷᠬᠠᠶ ᠪᠠᠶᠢᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠤᠷᠳᠤᠰ ᠤᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠵᠢᠯᠯᠠᠭᠠᠨ ᠤ ᠵᠦᠭᠯᠡᠭᠦᠷ ᠬᠠᠩᠭᠠᠵᠠᠢ᠃ ᠪᠢᠳᠡ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ᠂ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠳᠤᠷᠠᠳᠤᠭᠰᠠᠨ ︽ᠵᠢᠷᠭᠤᠭᠠᠨ ᠵᠤᠷᠪᠤᠰ ᠨᠡᠩ ᠥᠨᠳᠥᠷ ᠰᠢᠨ᠎ᠡ ᠱᠠᠭᠠᠷᠳᠠᠯᠭ᠎ᠠ︾ ᠶᠢ ᠭᠦᠨᠵᠡᠭᠡᠶ ᠣᠶᠢᠯᠠᠭᠠᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠠᠨᠢᠵᠤ ᠣᠶᠢᠯᠠᠭᠠᠬᠤ ᠲᠠᠯ᠎ᠠ ᠪᠠᠷ ᠨᠡᠩ ᠭᠦᠨᠵᠡᠭᠡᠢ ᠪᠠᠶᠢᠵᠤ᠂ ᠰᠤᠷᠤᠯᠴᠠᠨ ᠡᠵᠡᠮᠰᠢᠬᠦ ᠲᠠᠯ᠎ᠠ ᠪᠠᠷ ᠨᠡᠩ ᠰᠢᠰᠲ᠋ᠧᠮ ᠲᠠᠢ ᠪᠠᠶᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠨᠡᠩ ᠣᠨᠣᠪᠴᠢᠲᠠᠢ ᠪᠠᠶᠢᠵᠤ᠂ ᠬᠤᠶᠠᠳᠤᠭᠠᠷ ᠪᠦᠯᠤᠭ᠌ ᠤᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠦᠷᠨᠢᠬᠦᠯᠤᠨ᠂ ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠪᠠᠷ ᠭᠦᠷᠢᠶᠡᠯᠡᠭᠦ ᠬᠠᠶᠢᠷ᠎ᠠ ᠰᠡᠳᠭᠢᠯᠭᠡ ᠶᠢᠨ ᠰᠠᠭᠤᠷᠢ ᠪᠣᠯᠤᠨ ᠠᠴᠢ ᠡᠨᠡᠷᠢᠯ ᠳᠤ ᠲᠠᠯᠠᠷᠬᠠᠵᠤ ᠡᠷᠡᠮᠡᠭᠡᠶᠢᠯᠡᠨ ᠤᠷᠤᠭᠰᠢᠯᠠᠬᠤ ᠬᠦᠴᠦᠨ ᠴᠢᠳᠠᠯ ᠤᠨ ᠡᠬᠢ ᠰᠤᠷᠪᠤᠯᠵᠢ ᠶᠢ ᠤᠯᠠᠮ ᠴᠢᠨᠠᠭᠰᠢᠳᠠ ᠭᠦᠨᠵᠡᠭᠡᠢ ᠪᠤᠢ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠡᠨ︾  ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃       ᠭᠦᠨᠵᠡᠭᠡᠶ ᠰᠤᠷᠤᠯᠴᠠᠪᠡᠯ ᠰᠠᠶ᠋ᠢ ᠨᠠᠩ ᠲᠣᠳᠣᠷᠬᠠᠶ ᠤᠶᠢᠯᠠᠭᠠᠨ᠂ ᠨᠠᠩ ᠪᠠᠳᠤᠳᠡᠢ ᠦᠢᠯᠡᠳᠦᠯᠭᠡᠵᠢᠭᠦᠯᠵᠤ ᠴᠢᠳᠠᠮᠦᠢ᠃ ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ᠂ ᠴᠢᠬᠤᠯᠠ ᠶᠠᠷᠢᠶ᠎ᠠ ᠨᠢ ᠡᠭᠦᠨ ᠠᠴᠠ ᠡᠮᠦᠨᠡᠬᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠲᠤᠭᠤᠰᠢᠯᠠᠬᠳᠠᠵᠤ ᠪᠠᠶᠢᠬᠤ ᠮᠦᠷᠳᠡᠭᠡᠨ ᠪᠠᠰᠠ ᠰᠢᠨ᠎ᠡ ᠤᠷᠳᠤᠳᠬᠠᠯ ᠥᠷᠭᠡᠵᠢᠯ ᠲᠠᠢ ᠪᠠᠶᠢᠵᠤ᠂ ᠨᠡᠩ ᠥᠨᠳᠥᠷ ᠱᠠᠭᠠᠷᠳᠠᠯᠭ᠎ᠠ ᠲᠠᠢ ᠪᠣᠯᠵᠠᠢ᠃ ᠪᠢᠳᠡ ᠳᠤᠮᠳᠠᠳᠤ ᠤᠯᠤᠰ ᠤᠨ ᠮᠠᠶ᠋ᠢᠭ  ᠤᠨ ᠤᠳᠤᠭᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠵᠦ᠂ ᠮᠠᠨ ᠤ ᠬᠤᠲᠠ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠦᠬᠦ ᠤᠯᠤᠰ ᠤᠨ ᠲᠤᠰᠬᠠᠶ ᠣᠷᠣᠨ ᠤ ᠳᠡᠰ ᠤᠨ ᠡᠮᠦᠨ᠎ᠡ 30 ᠬᠦᠴᠦᠷᠬᠡᠭ ᠤᠨ ᠡ᠊ᠡᠭᠨᠠᠭᠡᠨ ᠳᠤ ᠣᠷᠣᠭᠤᠯᠬᠤ ᠲᠡᠮᠡᠴᠡᠯ ᠤᠨ ᠬᠠᠷᠠᠯᠲᠠ ᠶᠢ ᠠᠬᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠂ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠦᠨᠡᠨ ᠶᠣᠰᠣᠨ ᠤ ᠬᠦᠴᠦᠨ᠂ ᠦᠢᠯᠡᠳᠦᠯᠭᠡ ᠶᠢᠨ ᠬᠦᠴᠦᠨ᠂ ᠬᠥᠮᠦᠨᠴᠢ ᠴᠢᠨᠠᠷ ᠤᠨ ᠬᠦᠴᠦᠨ ᠢ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠭᠠᠷᠳᠠᠬᠤ ᠴᠡᠭ᠂ ᠬᠦᠴᠦᠯᠡᠬᠦ ᠴᠡᠭ᠂ ᠲᠤᠰᠤᠯᠲᠠ ᠶᠢᠨ ᠴᠡᠭ ᠢᠶᠠᠨ ᠣᠨᠣᠪᠴᠢᠲᠠᠢ ᠣᠯᠵᠤ᠂ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠪᠠᠷ ᠭᠠᠷᠳᠠᠴᠠ ᠪᠣᠯᠭᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠣᠳᠣᠬᠢᠴᠢᠯᠠᠭᠰᠠᠨ ᠤᠷᠳᠤᠰ ᠢ ᠪᠦᠳᠦᠭᠡᠨ ᠪᠠᠶᠢᠭᠤᠯᠵᠤ᠂ ᠲᠦᠷᠦ ᠶᠢᠨ ᠪᠤᠳᠤᠯᠭ᠎ᠠ ᠶᠢᠨ ᠲᠤᠬᠳᠠᠯᠴᠠᠭ᠎ᠠ ᠶᠢ ᠪᠦᠷᠢᠨᠰᠢᠬᠦᠯᠤᠨ᠂ ᠠᠵᠢᠯ ᠤᠨ ᠰᠡᠳᠭᠢᠴᠡ ᠪᠠᠨ ᠲᠡᠭᠦᠯᠳᠡᠷᠵᠢᠭᠦᠯᠵᠤ᠂ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠵᠤ᠂ ᠪᠣᠳᠠᠲᠠᠢ ᠦᠷ᠎ᠡ ᠪᠦᠲᠦᠮᠵᠢ ᠪᠣᠯᠤᠨ ᠴᠣ ᠰᠢᠨ᠎ᠡ ᠠᠮᠵᠢᠯᠲᠠ ᠪᠦᠲᠦᠮᠵᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠠᠴᠢ ᠡᠨᠡᠷᠢᠯ ᠢ ᠬᠠᠷᠢᠭᠤᠯᠬᠤ ᠭᠡᠷᠡᠭᠳᠡᠢ᠃      ᠤᠷᠳᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠵᠤ᠂ ᠪᠣᠳᠠᠲᠠᠢ ᠠᠵᠢᠯᠯᠠᠨ ᠪᠠᠳᠤᠳᠡᠢ ᠦᠢᠯᠡᠳᠦᠯᠭᠡᠵᠢᠭᠦᠯᠵᠤ᠂ ᠡᠷᠡᠰ ᠰᠢᠭᠤᠷᠬᠠᠢ ᠪᠠᠷ ᠤᠷᠤᠭᠰᠢᠯᠠᠨ᠂ ᠲᠡᠷᠢᠭᠦᠨ ᠤ ᠬᠢ ᠪᠠᠷ ᠪᠠᠷᠢᠮᠵᠢᠶᠡᠯᠡᠬᠤ᠂ ᠨᠡᠭᠡᠨ ᠲᠠᠪᠠᠭ᠋ᠤ᠂ ︽ᠭᠠᠪᠰᠢᠭᠠᠶᠢᠯᠠᠬᠤ︾ ᠵᠣᠷᠢᠭ ᠰᠠᠨᠠᠭ᠎ᠠ ᠨᠡᠩ ᠴᠢᠩᠭᠠᠷᠠᠨ᠂ ︽ᠰᠢᠨ᠎ᠡ ᠶᠢ ᠡᠭᠦᠳᠬᠦ︾ ᠡᠷᠴᠢ ᠵᠣᠷᠢᠭ ᠨᠡᠩ ᠲᠡᠭᠦᠯᠳᠡᠷᠵᠢᠵᠦ᠂ ︽ᠠᠵᠢᠯᠯᠠᠬᠤ︾ ᠰᠤᠷᠲᠠᠯ ᠨᠡᠩ ᠪᠣᠳᠠᠲᠠᠢ ᠪᠣᠯᠵᠠᠢ᠃ ᠤᠷᠳᠤᠰ ᠤᠨ ᠰᠠᠭᠤᠷᠢ ᠳᠠᠪᠠᠭᠤᠯᠢᠭ᠂ ᠤᠷᠤᠨ ᠪᠠᠶᠢᠷᠢ ᠶᠢᠨ ᠦᠢᠯᠡᠳᠦᠯ ᠳᠤ ᠰᠠᠭᠤᠷᠢᠯᠠᠵᠤ᠂ ᠰᠢᠨ᠎ᠡ ᠵᠠᠮ ᠢᠶᠠᠷ ᠬᠦᠴᠦᠯᠡᠨ ᠤᠷᠤᠭᠰᠢᠯᠠᠵᠤ᠂ ᠡᠮᠦᠨ᠎ᠡ ᠡ᠊ᠩᠨᠡᠭᠡᠨ ᠳᠤ ᠣᠷᠣᠵᠤ᠂ ᠦᠷᠭᠦᠯᠵᠢᠯᠡᠨ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠬᠴᠢ᠂ ᠲᠠᠭᠠᠭᠤᠯᠤᠬᠴᠢ ᠪᠤᠯᠬᠤ ᠬᠠᠷᠠᠯᠲᠠ ᠲᠣᠳᠣᠷᠬᠠᠢ᠂ ᠴᠢᠭᠯᠡᠯ ᠲᠣᠳᠣᠷᠬᠠᠢ ᠪᠠᠶᠢᠳᠠᠭ᠂ ᠡᠨᠡ ᠦᠶ᠎ᠡ ᠳᠤ᠂ ᠨᠡᠩ ᠴᠤ ᠲᠡᠮᠡᠴᠡᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠦ᠋ᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠤ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢ ᠱᠠᠭᠠᠷᠳᠠᠨ᠎ᠠ᠃ ᠭᠠᠭᠴᠠ ᠬᠦ ᠢᠡᠭᠭᠢᠮᠠᠨᠵᠢᠨ ᠰᠠᠶ᠋ᠢ ᠶᠡᠷᠦᠩᠬᠡᠶ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠷᠳᠣᠰ ᠲᠤ ᠦᠨᠳᠦᠰᠦᠯᠡᠭᠦᠯᠦ᠋ᠨ᠂ ᠴᠡᠴᠡᠭᠯᠡᠨ ᠵᠢᠮᠢᠰᠯᠡᠬᠦᠯᠬᠦ ᠶᠢ ᠪᠥᠬᠦ ᠲᠠᠯ᠎ᠠ ᠪᠠᠷ ᠠᠬᠢᠭᠤᠯᠵᠤ ᠴᠢᠳᠠᠨ᠎ᠠ᠃      ᠪᠢᠳᠡ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠤᠬᠠᠢ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠦᠨᠡᠨ ᠰᠡᠳᠭᠢᠯ ᠠᠴᠠ ᠪᠠᠨ ᠣᠶᠢᠯᠠᠭᠠᠵᠤ᠂ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠡᠳᠭᠢᠯ ᠵᠢᠷᠤᠭᠡᠨ ᠳᠡᠭᠡᠨ ᠬᠠᠳᠠᠩᠰᠢᠭᠤᠯᠦ᠋ᠨ᠂ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠢᠱᠢᠶᠡᠴᠢ ᠪᠣᠯᠬᠤ ᠡᠷᠡᠰ ᠵᠣᠷᠢᠭ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠲᠠᠭᠤ ᠵᠣᠷᠢᠭ ᠢᠶᠠᠷ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ  ᠲᠦᠪᠯᠡᠷᠡᠬᠦᠯᠤᠨ ᠰᠢᠨ᠎ᠡ ᠵᠠᠮ ᠢ ᠨᠡᠭᠡᠭᠡᠵᠦ᠂ ᠡᠮᠦᠨ᠎ᠡ ᠡ᠊ᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠮᠠᠶ᠋ᠢ ᠤᠨ ᠣᠳᠣᠬᠢᠴᠢᠯᠠᠯᠳᠡ ᠶᠢᠨ ᠤᠷᠳᠤᠰ ᠤᠨ ᠰᠢᠨ᠎ᠡ ᠬᠠᠭᠤᠳᠠᠰᠤ ᠶᠢ ᠪᠢᠴᠢᠭᠯᠡᠨ᠂ ᠨᠠᠮ ᠪᠣᠯᠤᠨ ᠠᠷᠠᠳ ᠲᠦᠮᠡᠨ ᠳᠤ ᠤᠰᠤᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ᠂ ᠲᠡᠦᠬᠡ ᠳᠤ ᠣᠰᠣᠯᠳᠠᠬᠤ ᠦᠭᠡᠢ ᠬᠢᠯᠠᠯᠵᠠᠬᠰᠠᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠤ ᠴᠢᠳᠠᠬᠤ ᠨᠢ ᠯᠠᠪᠳᠡᠢ᠃      ᠪᠢᠳᠡ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠤᠬᠠᠢ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠦᠨᠡᠨ ᠰᠡᠳᠭᠢᠯ ᠠᠴᠠ ᠪᠠᠨ ᠣᠶᠢᠯᠠᠭᠠᠵᠤ᠂ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠡᠳᠭᠢᠯ ᠵᠢᠷᠤᠭᠡᠨ ᠳᠡᠭᠡᠨ ᠬᠠᠳᠠᠩᠰᠢᠭᠤᠯᠦ᠋ᠨ᠂ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠢᠱᠢᠶᠡᠴᠢ ᠪᠣᠯᠬᠤ ᠡᠷᠡᠰ ᠵᠣᠷᠢᠭ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠲᠠᠭᠤ ᠵᠣᠷᠢᠭ ᠢᠶᠠᠷ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦ᠋ᠨ ᠰᠢᠨ᠎ᠡ ᠵᠠᠮ ᠢ ᠨᠡᠭᠡᠭᠡᠵᠦ᠂ ᠡᠮᠦᠨ᠎ᠡ ᠡ᠊ᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠮᠠᠶ᠋ᠢ ᠤᠨ ᠣᠳᠣᠬᠢᠴᠢᠯᠠᠯᠳᠡ ᠶᠢᠨ ᠤᠷᠳᠤᠰ ᠤᠨ ᠰᠢᠨ᠎ᠡ ᠬᠠᠭᠤᠳᠠᠰᠤ ᠶᠢ ᠪᠢᠴᠢᠭᠯᠡᠨ᠂ ᠨᠠᠮ ᠪᠣᠯᠤᠨ ᠠᠷᠠᠳ ᠲᠦᠮᠡᠨ ᠳᠤ ᠤᠰᠤᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ᠂ ᠲᠡᠦᠬᠡ ᠳᠤ ᠣᠰᠣᠯᠳᠠᠬᠤ ᠦᠭᠡᠢ ᠬᠢᠯᠠᠯᠵᠠᠬᠰᠠᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠤ ᠴᠢᠳᠠᠬᠤ ᠨᠢ ᠯᠠᠪᠳᠡᠢ᠃   
ᠢᠷᠡᠯᠲᠡ᠄ ᠤᠷᠳᠤᠰ ᠤᠨ ᠡᠳᠤᠷ ᠤᠨ ᠰᠤᠨᠢᠨ