ᠶᠡᠭᠡ ᠳᠡᠭᠡᠳᠦ ᠰᠤᠷᠭᠠᠭᠤᠯᠢ ᠲᠡᠬᠦᠰᠦᠭᠰᠡᠳ ᠤᠨ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠳᠠ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2023/7/17
      ᠶᠡᠭᠡ ᠳᠡᠭᠡᠳᠦ ᠰᠤᠷᠭᠠᠭᠤᠯᠢ ᠲᠡᠬᠦᠰᠦᠭᠰᠡᠳ ᠪᠣᠯ ᠤᠯᠤᠰ ᠤᠨ ᠡᠷᠬᠢᠮ ᠨᠠᠨᠳᠢᠨ ᠴᠢᠳᠠᠪᠤᠷᠢᠲᠠᠨ ᠤ ᠡᠬᠢ ᠪᠠᠶᠠᠯᠢᠭ ᠮᠥᠨ᠂ ᠠᠵᠢᠯ ᠣᠯᠭᠤᠯᠲᠠ ᠶᠢ ᠠᠬᠢᠭᠤᠯᠬᠤ ᠴᠢᠬᠤᠯᠠ ᠴᠤᠬᠴᠠ ᠮᠥᠨ᠃ ᠨᠢᠭᠡ ᠬᠤᠭᠤᠴᠠᠭᠠᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠬᠦᠳᠡᠯᠤᠯᠴᠡᠬᠦ᠂ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠬᠤ ᠶᠢ ᠪᠠᠷᠢᠮᠲᠠᠯᠠᠵᠤ᠂ ᠠᠵᠢᠯ ᠣᠯᠭᠤᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠬᠦᠰᠦᠭᠰᠡᠳ ᠤᠨ ᠤᠷᠤᠬᠰᠢᠳᠠᠢ ᠠᠵᠢᠯ ᠣᠯᠬᠤ᠂ ᠡᠷᠲᠡᠬᠡᠨ ᠠᠵᠢᠯ ᠣᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ  ᠦᠵᠡᠭᠦᠯᠦᠭᠰᠡᠨ ᠪᠠᠶᠢᠨ᠎ᠠ᠃      ᠡᠭᠦᠨ ᠤ ᠬᠠᠮᠳᠤ᠂ ᠶᠡᠭᠡ ᠳᠡᠭᠡᠳᠦ ᠰᠤᠷᠭᠠᠭᠤᠯᠢ ᠲᠡᠬᠦᠰᠦᠭᠰᠡᠳ ᠠᠵᠢᠯ ᠣᠯᠬᠤ ᠳᠤ ᠨᠡᠯᠢᠶᠡᠳ ᠶᠡᠭᠡ ᠳᠠᠷᠤᠯᠲᠠ ᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠢᠯᠠᠩᠭᠤᠶ᠎ᠠ ᠣᠳᠣᠬᠠᠨ ᠳᠤ ᠶᠡᠭᠡ ᠳᠡᠭᠡᠳᠦ ᠰᠤᠷᠭᠠᠭᠤᠯᠢ ᠲᠡᠬᠦᠰᠦᠭᠰᠡᠳ ᠨᠢᠭᠡᠨᠲᠡ ᠰᠤᠷᠭᠠᠭᠤᠯᠢ ᠠᠴᠠ ᠪᠠᠨ ᠰᠠᠯᠪᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠤᠭᠠᠳᠤᠶ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠬᠤ ᠶᠢ ᠠᠬᠢᠭᠤᠯᠬᠤ ᠬᠡᠷᠡᠭᠲᠡᠶ᠃      ᠠᠵᠢᠯ ᠣᠯᠭᠤᠯᠲᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠢᠯ ᠣᠯᠭᠤᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠬᠤ ᠪᠣᠯ ᠠᠵᠢᠯ ᠣᠯᠭᠤᠯᠲᠠ  ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠮᠥᠨ᠃ ᠡᠨᠡ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠡᠭᠡᠳᠤ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠵᠦ ᠠᠵᠢᠯ ᠣᠯᠬᠤ ᠶᠠᠪᠤᠴᠠ ᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ ᠠᠵᠢᠯ ᠣᠯᠭᠤᠬᠤ ᠤᠶᠢᠯᠡᠴᠢᠯᠡᠭᠡ ᠶᠢ ᠦᠷᠭᠦᠯᠵᠢᠯᠡᠨ ᠭᠦᠨᠵᠡᠭᠡᠶ ᠥᠷᠨᠢᠭᠦᠯᠬᠦ ᠶᠢ ᠱᠠᠭᠠᠷᠳᠠᠵᠤ ᠪᠠᠶᠢᠨ᠎ᠠ᠃ ᠨᠢᠭᠡ ᠲᠠᠯ᠎ᠠ ᠪᠠᠷ᠂ ᠲᠡᠭᠦᠰᠭᠦ ᠰᠤᠷᠤᠭᠴᠢᠳ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠪᠠᠶᠢᠷᠢ ᠬᠦᠷᠭᠡᠬᠦ ᠶᠢ ᠲᠠᠰᠤᠯᠳᠠᠭᠤᠯᠵᠤ ᠪᠤᠯᠬᠤ ᠦᠬᠡᠢ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠯᠳᠠᠭᠤᠯᠵᠤ ᠪᠤᠯᠬᠤ ᠦᠬᠡᠢ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠶᠢ ᠲᠠᠰᠤᠯᠳᠠᠭᠤᠯᠵᠤ ᠪᠤᠯᠬᠤ ᠦᠬᠡᠢ᠂ ᠡᠭᠦᠨ ᠤ ᠬᠠᠮᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠰᠠᠶᠢᠲᠤᠷ ᠵᠤᠯᠭᠠᠭᠤᠯᠵᠤ᠂ ᠠᠵᠢᠯ ᠣᠯᠤᠭᠠᠳᠤᠶ ᠲᠡᠬᠦᠰᠦᠭᠰᠡᠳ ᠲᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠥᠭᠦᠭᠡ ᠲᠠᠯ᠎ᠠ ᠪᠠᠷ᠂ ᠨᠡᠶᠢᠭᠡᠮ ᠤᠨ ᠡᠯ᠎ᠡ ᠲᠥᠷᠥᠯ ᠤᠨ ᠠᠵᠢᠯᠲᠠᠨ ᠠᠵᠢᠯᠴᠢᠨ ᠤᠷᠢᠵᠤ ᠡᠯᠰᠡᠬᠦ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠠᠵᠢᠯᠲᠠᠨ ᠠᠵᠢᠯᠴᠢᠨ ᠡᠯᠰᠡᠬᠦ ᠦᠢᠯᠡᠳᠦᠯ ᠴᠢᠳᠠᠮᠵᠢ ᠶᠢ ᠵᠠᠯᠭᠠᠨ ᠠᠪᠴᠤ᠂ ᠲᠣᠮᠣ ᠬᠡᠯᠪᠡᠷᠢ ᠶᠢᠨ ᠠᠵᠢᠯᠲᠠᠨ ᠠᠵᠢᠯᠴᠢᠨ ᠤᠷᠢᠵᠤ ᠡᠯᠰᠡᠬᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯ ᠡᠷᠢᠭᠰᠡᠳ ᠲᠤ ᠲᠥᠬᠦᠮ ᠦᠵᠡᠭᠦᠯᠬᠦ ᠪᠠ ᠳᠡᠮᠵᠢᠯᠭᠡ ᠬᠠᠩᠭᠠᠵᠤ᠂ ᠲᠡᠭᠦᠰᠦᠭᠰᠡᠳ ᠢ ᠬᠠᠪᠰᠤᠷᠤᠨ ᠠᠵᠢᠯ ᠤᠯᠬᠤ ᠢᠲᠡᠭᠡᠯ ᠢ ᠨᠢ ᠨᠡᠮᠡᠭᠳᠡᠬᠦᠯᠵᠤ᠂ ᠠᠵᠢᠯ ᠤᠯᠭᠤᠯᠳᠠ ᠶᠢ ᠡᠷᠲᠡᠬᠡᠨ ᠨᠠᠶᠢᠳᠠᠪᠤᠷᠢᠵᠢᠭᠤᠯᠬᠤ ᠬᠡᠷᠡᠭᠲᠡᠶ᠃       ᠠᠵᠢᠯ ᠣᠯᠤᠭᠠᠳᠤᠶ ᠲᠡᠭᠦᠰᠦᠭᠰᠡᠳ ᠢ ᠦᠷᠭᠦᠯᠵᠢᠯᠡᠨ ᠬᠠᠯᠠᠮᠵᠢᠯᠠᠬᠤ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢ ᠱᠠᠭᠠᠷᠳᠠᠯᠭ᠎ᠠ ᠶᠣᠰᠣᠭᠠᠷ᠂ ᠮᠤᠵᠢ ᠶᠢᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠰᠠᠶᠢᠲᠤᠷ ᠵᠣᠯᠭᠠᠯᠴᠠᠵᠤ᠂ ᠠᠵᠢᠯ ᠤᠯᠬᠤ ᠬᠦᠰᠡᠯ ᠡᠷᠡᠮᠡᠯᠵᠡᠯ ᠲᠠᠢ ᠠᠵᠢᠯ ᠣᠯᠤᠭᠠᠳᠤᠶ ᠲᠡᠭᠦᠰᠦᠭᠰᠡᠳ ᠤᠨ ᠮᠡᠳᠡᠭᠡ ᠵᠠᠩᠭᠢ ᠶᠢ ᠴᠤᠬᠯᠠᠭᠤᠯᠬᠤ ᠶᠢ ᠪᠡᠶᠡᠯᠡᠭᠦᠯᠵᠦ᠂ 2023 ᠣᠨ ᠳᠤ ᠠᠵᠢᠯ ᠣᠯᠤᠭᠠᠳᠤᠶ ᠲᠡᠭᠦᠰᠦᠭᠰᠡᠳ ᠢ ᠬᠠᠪᠰᠤᠷᠤᠨ ᠲᠡᠳᠬᠦᠬᠦ ᠡᠬᠡ ᠲᠠᠩᠰᠠ ᠶᠢ ᠪᠠᠶᠢᠭᠤᠯᠬᠤ ᠬᠡᠷᠡᠭᠲᠡᠶ᠃ ᠡᠭᠦᠨ ᠠᠴᠠ ᠭᠠᠳᠠᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠰᠠ ᠡᠯ᠎ᠡ ᠵᠦᠢᠯ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠨ ᠳᠡᠮᠵᠢᠬᠦ ᠲᠥᠷᠥ ᠶᠢ ᠪᠣᠳᠣᠯᠭ᠎ᠠ ᠲᠠᠢ ᠤᠶᠠᠯᠳᠤᠭᠤᠯᠤᠨ᠂ ᠲᠡᠭᠦᠰᠦᠭᠰᠡᠳ ᠤᠨ ᠠᠵᠢᠯ ᠡᠷᠢᠬᠦ ᠨᠥᠬᠦᠴᠡᠯ᠂ ᠠᠵᠢᠯ ᠤᠯᠬᠤ ᠬᠡᠷᠡᠭᠴᠡᠭᠡ ᠪᠠ ᠬᠤᠪᠢ ᠬᠥᠮᠦᠨ ᠤ ᠬᠦᠰᠡᠯ ᠡᠷᠡᠮᠡᠯᠵᠡᠯ ᠵᠡᠷᠭᠡ ᠶᠢ ᠦᠨᠳᠦᠰᠦᠯᠡᠨ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠵᠦ᠂ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠰᠡᠳᠭᠢᠮᠵᠢ ᠶᠢ ᠥᠷᠭᠡᠳᠭᠡᠬᠦ ᠶᠢᠨ ᠬᠠᠮᠲᠤ ᠠᠵᠢᠯ ᠣᠯᠤᠭᠠᠳᠤᠶ ᠲᠡᠭᠦᠰᠦᠭᠰᠡᠳ ᠤᠨ ᠠᠵᠢᠯ ᠡᠷᠢᠬᠦ ᠳᠤ ᠨᠠᠩ ᠣᠨᠣᠪᠴᠢᠲᠠᠶ᠂ ᠨᠠᠩ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠶ᠃        ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠤᠷᠭᠠᠨ ᠬᠥᠮᠦᠵᠢᠭᠦᠯᠵᠦ ᠬᠦᠳᠦᠯᠤᠨ ᠵᠢᠯᠣᠭᠤᠳᠴᠤ ᠠᠵᠢᠯ ᠮᠡᠷᠭᠡᠵᠢᠯ ᠤᠨ ᠵᠥᠪ ᠦᠵᠡᠯᠲᠡ ᠶᠢ ᠪᠣᠶ ᠪᠣᠯᠭᠠᠬᠤ ᠨᠢ ᠲᠡᠭᠦᠰᠦᠭᠰᠡᠳ ᠲᠤ ᠨᠠᠩ ᠰᠠᠶᠢᠳᠤᠷ ᠠᠵᠢᠯ ᠣᠯᠭᠤᠬᠤ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ︽ᠣᠨᠴᠠᠭᠠᠶ ᠠᠵᠢᠯ ᠤᠨ ᠪᠠᠶᠢᠷᠢ ᠶᠢᠨ ᠲᠦᠯᠦᠪᠯᠡᠭᠡ︾᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ︽ᠪᠠᠷᠠᠭᠤᠨ ᠣᠷᠣᠨ ᠤ ᠲᠦᠯᠦᠪᠯᠡᠭᠡ︾᠂ ︽ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠤᠰᠬᠠᠢ ᠲᠦᠯᠦᠪᠯᠡᠭᠡ︾ ᠵᠡᠷᠭᠡ ᠦᠨᠳᠦᠰᠦᠨ ᠱᠠᠲᠤᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠤᠨ ᠰᠠᠶᠢᠲᠤᠷ ᠠᠰᠢᠭᠯᠠᠵᠤ᠂ ᠲᠡᠭᠦᠰᠭᠦ ᠰᠤᠷᠤᠭᠴᠢᠳ ᠤᠨ ᠦᠨᠳᠦᠰᠦᠨ ᠱᠠᠲᠤᠨ ᠳᠤ ᠦᠢᠯᠡᠴᠢᠯᠡᠬᠦ ᠠᠷᠭ᠎ᠠ ᠵᠠᠮ ᠢ ᠥᠷᠭᠡᠳᠭᠡᠵᠦ᠂ ᠰᠤᠷᠤᠭᠴᠢᠳ ᠤᠨ ᠦᠨᠳᠦᠰᠦᠨ ᠱᠠᠲᠤᠨ ᠳᠤ ᠦᠢᠯᠡᠴᠢᠯᠡᠬᠦ᠂ ᠪᠠᠷᠠᠭᠤᠨ ᠣᠷᠣᠨ ᠳᠤ ᠦᠢᠯᠡᠴᠢᠯᠡᠬᠦ ᠶᠢ ᠵᠣᠷᠢᠭᠵᠢᠭᠤᠯᠬᠤ ᠬᠡᠷᠡᠭᠲᠡᠶ᠃ ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠪᠡᠷ ᠢ ᠪᠠᠨ ᠢᠲᠡᠭᠡᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠠᠴᠠ ᠡᠭᠦᠰᠭᠦ ᠶᠢ ᠪᠠᠷᠢᠮᠲᠠᠯᠠᠨ᠂ ᠡᠩ ᠤᠨ ᠠᠵᠢᠯ ᠤᠨ ᠳᠤᠮᠳᠠ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠡᠳᠦᠷ ᠲᠤᠲᠤᠮ ᠤᠨ ᠦᠢᠯᠡᠳᠦᠯᠭᠡ ᠶᠢᠨ ᠳᠤᠮᠳᠠ ᠴᠢᠳᠠᠪᠤᠷᠢ ᠪᠠᠨ ᠲᠠᠰᠤᠷᠠᠯᠲᠠ ᠦᠭᠡᠢ  ᠳᠡᠭᠡᠭᠰᠢᠯᠡᠭᠦᠯᠤᠨ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠨᠡᠩ ᠰᠠᠶᠢᠳᠤᠷ ᠰᠠᠴᠤᠷᠠᠭᠤᠯᠬᠤ ᠶᠢ ᠴᠢᠬᠤᠯᠠᠴᠢᠯᠠᠬᠤ ᠶᠢ ᠬᠦᠳᠦᠯᠤᠨ ᠵᠢᠯᠣᠭᠤᠳᠬᠤ ᠬᠡᠷᠡᠭᠲᠡᠶ᠃       ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠤᠯᠤᠰ ᠤᠨ ᠢᠷᠡᠭᠡᠳᠦᠢ ᠲᠠᠢ ᠬᠤᠯᠪᠣᠭᠳᠠᠨ᠎ᠠ ᠃ ᠣᠳᠣᠬᠠᠨ ᠳᠤ ᠶᠠᠭ ᠲᠡᠭᠦᠰᠭᠦ ᠤᠯᠠᠷᠢᠯ ᠪᠣᠯᠬᠤᠷ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠴᠢᠷᠮᠠᠶᠢᠵᠤ ᠠᠵᠢᠯ ᠣᠯᠭᠤᠯᠲᠠ ᠶᠢᠨ ᠬᠤᠷᠳᠤᠴᠠ ᠶᠢ ᠲᠦᠷᠭᠡᠳᠭᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠳᠤ ᠨᠠᠩ ᠶᠡᠭᠡ ᠬᠦᠴᠦᠨ ᠨᠡᠮᠡᠷᠢᠯᠡᠬᠦ ᠬᠡᠷᠡᠭᠲᠡᠶ᠃      
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ