ᠮᠠᠨ ᠤ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠰᠤᠳᠤᠯᠭ᠎ᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/7/24
                        ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠰᠠᠭᠤᠷᠢ ᠰᠤᠳᠤᠯᠭ᠎ᠠ ᠪᠠᠨ ᠴᠢᠩᠭᠠᠳᠬᠠᠬᠤ ᠪᠣᠯ ᠥᠨᠳᠥᠷ ᠬᠢᠷᠢ ᠲᠦᠪᠰᠢᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢᠨ ᠲᠤᠯᠭᠠᠮ᠎ᠠ ᠱᠠᠭᠠᠷᠳᠠᠯᠭ᠎ᠠ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠬᠦᠴᠦᠷᠬᠡᠭ ᠤᠯᠤᠰ ᠢ ᠪᠠᠶᠢᠭᠤᠯᠬᠤ ᠶᠢᠨ ᠵᠠᠶᠢᠯᠠᠰᠢ ᠦᠭᠡᠢ ᠵᠠᠮ ᠮᠥᠨ ᠭᠡᠵᠡᠢ᠃ ᠳᠡᠭᠡᠳᠦ ᠳᠠᠪᠬᠤᠷᠭ᠎ᠠ ᠠᠴᠠ ᠲᠥᠰᠥᠪᠯᠡᠨ ᠪᠠᠶᠢᠷᠢᠯᠠᠭᠤᠯᠬᠤ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠠᠭᠤᠷᠢ ᠰᠤᠳᠤᠯᠭᠠᠨ ᠤ ᠪᠡᠯᠡ ᠣᠷᠤᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠳᠠᠭᠠᠯᠳᠤᠨ ᠮᠠᠨ ᠤ ᠤᠯᠤᠰ ᠤᠨ ᠴᠢᠬᠤᠯᠠ ᠶᠡᠭᠡ ᠰᠠᠭᠤᠷᠢ ᠰᠤᠳᠤᠯᠭᠠᠨ ᠤ ᠡᠭᠦᠷᠭᠡ ᠯᠠᠪᠳᠠᠭᠤᠨ ᠢᠶᠠᠷ ᠠᠬᠢᠵᠤ᠂ ᠣᠯᠠᠨ ᠲᠠᠯ᠎ᠠ ᠪᠠᠷ ᠰᠢᠨ᠎ᠡ ᠶᠢ ᠡᠭᠦᠳᠦᠨ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠰᠠᠭᠤᠷᠢ ᠰᠤᠳᠤᠯᠭᠠᠨ ᠤ ᠪᠦᠬᠦᠶᠢᠯᠡ ᠪᠣᠳᠠᠲᠤ ᠬᠦᠴᠦᠨ ᠮᠡᠳᠡᠭᠳᠡᠮ᠎ᠡ ᠳᠡᠭᠡᠭᠰᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ ᠪᠠᠶᠢᠨ᠎ᠠ᠃       ᠰᠠᠭᠤᠷᠢ ᠰᠤᠳᠤᠯᠭ᠎ᠠ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠰᠢᠨᠡᠴᠢᠯᠡᠯᠲᠡ ᠶᠢᠨ ᠡᠬᠢ ᠢᠷᠡᠯᠲᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠡᠭᠦᠳᠦᠯᠲᠡ ᠰᠢᠨᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠭᠤᠷᠢ ᠰᠤᠳᠤᠯᠭ᠎ᠠ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢᠨ ᠦᠨᠳᠦᠰᠦ ᠰᠠᠭᠤᠷᠢ ᠪᠣᠯᠭᠠᠭᠰᠠᠨ ᠪᠠᠶᠢᠨ᠎ᠠ᠃ ᠡᠨᠡ ᠣᠨ ᠤ ᠬᠤᠶᠠᠳᠤᠭᠠᠷ ᠰᠠᠷ᠎ᠠ ᠳᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠰᠠᠭᠤᠷᠢ ᠰᠤᠳᠤᠯᠭ᠎ᠠ ᠶᠢ ᠴᠢᠩᠭᠠᠳᠬᠠᠬᠤ ᠲᠤᠬᠠᠢ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠢ ᠠᠷᠭᠠᠴᠠᠭᠠᠬᠤ ᠪᠠ ᠥᠨᠳᠥᠷ ᠬᠢᠷᠢ ᠲᠦᠪᠰᠢᠨ ᠲᠠᠢ ᠪᠡᠶ᠎ᠡ ᠪᠠᠨ ᠳᠠᠭᠠᠭᠠᠵᠤ ᠬᠦᠴᠦᠷᠬᠡᠭᠵᠢᠵᠦ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠰᠤᠳᠤᠯᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠡᠬᠢ ᠦᠨᠳᠦᠰᠦᠨ ᠠᠴᠠ ᠨᠢ ᠪᠠ ᠳᠣᠣᠷᠠᠳᠤ ᠳᠠᠪᠬᠤᠷᠭ᠎ᠠ ᠠᠴᠠ ᠰᠢᠢᠳᠪᠦᠷᠢᠯᠡᠬᠦ ᠶᠠᠪᠤᠳᠠᠯ ᠪᠢᠳᠠᠨ ᠳᠤ ᠲᠤᠯᠭᠠᠮ᠎ᠠ ᠱᠠᠭᠠᠷᠳᠠᠭᠳᠠᠵᠤ ᠪᠠᠶᠢᠨ᠎ᠠ ᠭᠡᠵᠡᠢ᠃       ᠶᠡᠭᠡ ᠬᠠᠨᠳᠤᠰᠢ ᠶᠢ ᠡᠵᠡᠮᠳᠡᠵᠦ᠂ ᠰᠠᠨᠠᠭᠠᠴᠢᠯᠠᠭᠠᠳᠤ ᠡᠷᠭᠡ ᠶᠢ ᠡᠵᠡᠮᠳᠡᠬᠦ ᠬᠡᠷᠡᠭᠲᠠᠢ᠃ ᠮᠠᠨ ᠤ ᠤᠯᠤᠰ ᠰᠠᠭᠤᠷᠢ ᠰᠤᠳᠤᠯᠭᠠᠨ ᠤ ᠲᠡᠭᠡᠳᠤ ᠲᠠᠪᠬᠤᠷᠭ᠎ᠠ ᠶᠢᠨ ᠲᠦᠰᠦᠪ ᠲᠦᠯᠦᠪᠯᠡᠭᠡ ᠪᠠ ᠰᠢᠰᠲ᠋ᠧᠮ ᠤᠨ ᠪᠠᠶᠢᠷᠢᠰᠢᠯᠠᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠰᠤᠳᠤᠯᠭᠠᠨ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠬᠠᠮᠢᠶᠠᠲᠠᠢ ᠰᠠᠨᠠᠯ ᠤᠳ︾ ᠪᠤᠯᠤᠨ ᠰᠠᠭᠤᠷᠢ ᠰᠤᠳᠤᠯᠭᠠᠨ ᠤ ᠠᠷᠪᠠᠨ ᠵᠢᠯ ᠤᠨ ᠲᠦᠯᠦᠪᠵᠢᠬᠦᠯᠭᠡ ᠵᠡᠷᠭᠡ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠨᠡᠶᠢᠳᠡᠯᠡᠭᠰᠡᠨ ᠪᠠᠶᠢᠨ᠎ᠠ᠃ ᠰᠠᠭᠤᠷᠢ ᠰᠤᠳᠤᠯᠭᠠᠨ ᠤ ᠵᠠᠷᠤᠳᠠᠯ ᠢ 2012 ᠤᠨ ᠳᠤ 499 ᠳ᠋ᠦᠩᠰᠢᠭᠤᠷ ᠲᠦᠬᠦᠷᠢᠭ ᠪᠠᠶᠢᠭᠰᠠᠨ ᠠᠴᠠ 2022 ᠤᠨ ᠪᠤᠯᠬᠤ ᠳᠤ ᠨᠡᠮᠡᠭᠳᠡᠬᠦᠯᠦᠭᠡᠳ 1951 ᠳ᠋ᠦᠩᠰᠢᠭᠤᠷ ᠲᠦᠬᠦᠷᠢᠭ ᠪᠤᠯᠭᠠᠵᠦ᠂ ᠪᠥᠬᠦ ᠨᠡᠶᠢᠬᠡᠮ ᠤᠨ ᠰᠤᠳᠤᠯᠵᠦ ᠨᠡᠭᠡᠭᠡᠬᠦ ᠪᠡᠯᠡ ᠤᠷᠤᠭᠤᠯᠤᠯᠳᠠ ᠳᠠᠬᠢ ᠡᠵᠡᠯᠡᠬᠦ ᠬᠠᠷᠢᠴᠠᠯ ᠨᠢ 4 ᠵᠢᠯ ᠲᠠᠷᠠᠭᠠᠯᠠᠨ ᠵᠠᠭᠤᠨ ᠤ 6 ᠢᠯᠡᠬᠦᠤ ᠪᠠᠷ ᠨᠡᠮᠡᠭᠳᠡᠭᠰᠡᠨ ᠪᠠᠶᠢᠨ᠎ᠠ᠃ ᠺᠧᠨᠨ᠋ᠲ ᠤᠨ ᠴᠢᠮᠡᠭᠡ ᠵᠠᠩᠬᠢ᠂ ᠬᠢᠮᠡᠯ ᠤᠶᠤᠨ᠂ ᠠᠮᠢᠳᠤ ᠪᠤᠳᠠᠰ ᠤᠨ ᠰᠢᠯᠢᠳᠡᠭ ᠦᠷ᠎ᠡ ᠶᠢ ᠪᠤᠶᠢᠵᠢᠭᠤᠯᠬᠤ ᠮᠡᠷᠭᠡᠵᠢᠯ᠂ ᠲᠠᠷᠢᠬᠢᠨ ᠤ ᠰᠢᠨᠵᠢᠯᠡᠬᠦ ᠤᠬᠠᠭᠠᠨ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠡᠷᠢᠬᠦᠨ ᠤ ᠴᠠᠷ ᠬᠦᠷᠢᠶᠡᠨ ᠤ ᠲᠤᠭᠤᠷᠢᠨ ᠳᠤ᠂ ᠮᠠᠨ ᠤ ᠤᠯᠤᠰ ᠨᠢᠭᠡ ᠪᠦᠯᠦᠭ ᠲᠡᠷᠢᠬᠦᠨ ᠤ ᠰᠠᠭᠤᠷᠢ ᠰᠤᠳᠤᠯᠭᠠᠨ ᠤ ᠴᠠᠷ ᠬᠦᠷᠢᠶᠡᠨ ᠤ ᠴᠢᠬᠤᠯᠠ ᠶᠡᠭᠡ ᠲᠦᠷᠦᠯ ᠵᠦᠢᠯ ᠢ ᠪᠠᠶᠢᠷᠢᠰᠢᠭᠤᠯᠵᠦ᠂ ᠰᠢᠨᠵᠢᠯᠡᠬᠦ ᠤᠬᠠᠭᠠᠨ ᠤ ᠡᠬᠢ ᠡᠬᠦᠰᠦᠯ ᠪᠠ ᠮᠡᠷᠭᠡᠵᠢᠯ ᠤᠨ ᠦᠨᠳᠦᠰᠦ ᠰᠠᠭᠤᠷᠢ ᠠᠴᠠ ᠵᠠᠩᠬᠢᠯᠠᠭ᠎ᠠ ᠶᠢᠨ ᠭᠤᠤᠯ ᠪᠤᠯᠬᠤ ᠮᠡᠷᠭᠡᠵᠢᠯ ᠢ ᠲᠤᠯᠭᠠᠭᠤᠷᠢᠯᠠᠬᠤ ᠰᠢᠪᠳᠤᠯᠤᠯᠳᠠ ᠭᠠᠷᠭᠠᠭᠰᠠᠨ ᠪᠠᠶᠢᠨ᠎ᠠ᠃       ᠰᠠᠭᠤᠷᠢ ᠶᠢ ᠨᠢ ᠰᠠᠶᠢᠨ ᠲᠠᠯᠪᠢᠪᠠᠯ ᠰᠠᠶ᠋ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠦᠢᠯᠡᠰ ᠤᠨ ᠲᠤᠮᠤ ᠠᠰᠠᠷ ᠢ ᠨᠡᠩ ᠦᠨᠳᠤᠷ ᠪᠠᠷᠢᠵᠦ ᠴᠢᠳᠠᠨ᠎ᠠ᠃ ᠰᠢᠨ᠎ᠡ ᠠᠶᠠᠨ ᠵᠠᠮ ᠳᠤ᠂ ᠮᠠᠨ ᠤ ᠤᠯᠤᠰ ᠤᠨ ᠰᠠᠭᠤᠷᠢ ᠰᠤᠳᠤᠯᠭᠠᠨ ᠤ ᠰᠠᠭᠤᠷᠢ ᠶᠠᠪᠤᠬᠤ ᠲᠤᠰᠤᠮ ᠢᠶᠠᠨ ᠪᠠᠬᠢᠵᠢᠨ ᠬᠦᠨᠵᠡᠭᠡᠶᠢᠷᠡᠵᠦ ᠪᠠᠶᠢᠨ᠎ᠠ᠃       ᠡᠨᠡ ᠵᠢᠯ᠂ ︽ᠶᠡᠭᠡ ᠲᠡᠭᠡᠳᠤ ᠰᠤᠷᠭᠠᠭᠤᠯᠢ ᠶᠢᠨ ᠰᠠᠭᠤᠷᠢ ᠰᠤᠳᠤᠯᠭᠠᠨ ᠢ ᠲᠡᠮᠵᠢᠬᠦ ᠲᠦᠯᠦᠪᠯᠡᠭᠡ︾ ᠪᠠᠷ ᠲᠠᠮᠵᠢᠭᠤᠯᠤᠨ ᠨᠢᠭᠡ ᠪᠦᠯᠦᠭ ᠲᠡᠷᠢᠬᠦᠨ ᠤ ᠰᠢᠨᠵᠢᠯᠡᠬᠦ ᠤᠬᠠᠭᠠᠨ ᠤ ᠲᠦᠪ ᠭᠠᠵᠠᠷ ᠪᠠ ᠰᠠᠭᠤᠷᠢ ᠰᠤᠳᠤᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪ ᠭᠠᠵᠠᠷ ᠢ ᠵᠠᠯᠭᠠᠪᠠᠷ ᠪᠠᠶᠢᠭᠤᠯᠵᠦ᠂ ᠰᠠᠭᠤᠷᠢ ᠰᠤᠳᠤᠯᠭᠠᠨ ᠤ ᠲᠡᠷᠢᠬᠦᠯᠡᠬᠦ ᠴᠢᠳᠠᠪᠤᠷᠢᠳᠠᠨ ᠢ ᠬᠦᠮᠦᠵᠢᠬᠦᠯᠬᠦ ᠪᠠ ᠴᠢᠬᠤᠯᠠ ᠶᠡᠭᠡ ᠦᠷ᠎ᠡ ᠪᠦᠳᠦᠭᠡᠯ ᠭᠠᠷᠭᠠᠬᠤ ᠶᠢ ᠠᠬᠢᠭᠤᠯᠤᠭᠰᠠᠨ ᠪᠠᠶᠢᠨ᠎ᠠ᠃       ︽ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠠᠭᠤᠷᠢ ᠰᠤᠳᠤᠯᠭᠠᠨ ᠤ 10 ᠵᠤᠷᠪᠤᠰ︾ ᠲᠦᠷᠢᠮ ᠨᠢ ᠪᠠᠶᠢᠭᠤᠯᠤᠮᠵᠢ ᠶᠢ ᠲᠦᠷᠢᠮᠵᠢᠬᠦᠯᠦᠨ ᠰᠢᠰᠲ᠋ᠧᠮᠵᠢᠬᠦᠯᠦᠭᠰᠡᠨ ᠪᠠᠶᠢᠷᠢᠰᠢᠯᠠᠭᠤᠯᠤᠯᠳᠠ ᠶᠢ ᠴᠢᠨᠠᠭᠰᠢᠳᠠ ᠰᠢᠯᠢᠳᠡᠭᠵᠢᠬᠦᠯᠵᠦ᠂ ᠡᠬᠦᠳᠦᠨ ᠪᠦᠳᠦᠭᠡᠬᠦ ᠴᠢᠨᠠᠷᠲᠠᠢ ᠵᠢᠯᠤᠭᠤᠳᠤᠨ ᠲᠠᠭᠠᠭᠤᠯᠬᠤ ᠴᠢᠨᠠᠷᠲᠠᠢ ᠰᠠᠨᠠᠭᠠᠴᠢᠯᠠᠭᠠᠳᠤ ᠡᠷᠭᠡ ᠶᠢ ᠭᠠᠷ ᠲᠠᠭᠠᠨ ᠡᠵᠡᠮᠳᠡᠵᠦ ᠲᠡᠶᠢᠯᠬᠦ ᠰᠤᠳᠤᠯᠭᠠᠨ ᠤ ᠰᠡᠳᠤᠪ ᠤᠨ ᠰᠤᠩᠭᠤᠯᠳᠠ ᠪᠠᠨ ᠴᠢᠩᠭᠠᠳᠬᠠᠵᠦ᠂ ᠰᠠᠭᠤᠷᠢ ᠰᠤᠳᠤᠯᠭᠠᠨ ᠤ ᠡᠬᠦᠳᠦᠨ ᠪᠦᠳᠦᠭᠡᠯᠳᠡ ᠶᠢᠨ ᠤᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠬᠦᠯᠬᠦ ᠪᠤᠯᠤᠨ᠎ᠠ᠃     
ᠢᠷᠡᠯᠲᠡ᠄ ᠲᠥᠪ ᠷᠠᠳᠢᠣ᠋ ᠶᠢᠨ ᠮᠡᠳᠡᠭᠡ