ᠡᠷᠳᠡᠨᠢ ᠰᠢᠰᠢ ᠶᠢᠨ ᠡᠪᠡᠰᠦ ᠠᠷᠢᠯᠭᠠᠬᠤ ᠪᠣᠷᠳᠣᠭᠤᠷ ᠣᠷᠤᠭᠤᠯᠬᠤ ᠰᠢᠵᠢᠷ ᠠᠯᠲᠠᠨ ᠴᠠᠭ
ᠨᠡᠶᠢᠲᠡᠯᠡᠭᠰᠡᠨ ᠴᠠᠭ᠄
2023/7/24
       ᠨᠢᠭᠡ᠂ ᠡᠷᠳᠡᠨᠢ ᠰᠢᠰᠢ ᠶᠢᠨ ᠡᠪᠡᠰᠦ ᠠᠷᠢᠯᠭᠠᠭᠴᠢ ᠡᠮ ᠢ ᠬᠡᠵᠢᠶ᠎ᠡ ᠰᠦᠷᠴᠢᠨ ᠣᠷᠣᠭᠤᠯᠪᠠᠯ ᠦᠷ᠎ᠡ ᠪᠦᠲᠦᠮᠵᠢ ᠨᠢ ᠬᠠᠮᠤᠭ ᠰᠠᠶᠢᠨ ᠪᠣᠢ         ᠡᠷᠳᠡᠨᠢ ᠰᠢᠰᠢ ᠶᠢᠨ 3 - 5 ᠨᠠᠪᠴᠢᠯᠠᠬᠤ ᠦᠶ᠎ᠡ ᠪᠣᠯ ᠴᠢᠬᠢᠯᠡᠭᠰᠡᠨ ᠤ ᠳᠠᠷᠠᠭᠠᠬᠢ ᠡᠪᠡᠰᠦ ᠠᠷᠢᠯᠭᠠᠭᠴᠢ ᠶᠢ ᠬᠡᠷᠡᠭᠯᠡᠬᠦ ᠬᠠᠮᠤᠭ ᠤᠨ ᠰᠠᠶᠢᠨ ᠴᠠᠭ ᠪᠣᠯᠣᠨ᠎ᠠ        ᠬᠡᠷᠪᠡ ᠳᠡᠩᠳᠡᠭᠦᠦ ᠡᠷᠲᠡ ᠡᠪᠡᠰᠦ ᠠᠷᠢᠯᠭᠠᠭᠴᠢ ᠶᠢ ᠬᠡᠷᠡᠭᠯᠡᠪᠡᠯ᠂ ᠲᠠᠷᠢᠶᠠᠨ ᠳᠠᠬᠢ ᠪᠤᠵᠠᠷ ᠡᠪᠡᠰᠦ ᠰᠠᠶ᠋ᠢ ᠨᠠᠬᠢᠶᠠᠯᠠᠬᠤ ᠪᠤᠶᠤ ᠡᠬᠢᠯᠡᠵᠦ ᠨᠠᠪᠴᠢ ᠪᠠᠨ ᠳᠡᠯᠭᠡᠵᠦ᠂ ᠨᠠᠪᠴᠢᠨ ᠤ ᠲᠠᠯᠠᠪᠠᠢ ᠨᠢ ᠬᠢᠵᠠᠭᠠᠷ ᠲᠠᠢ᠂ ᠡᠪᠡᠰᠦ ᠠᠷᠢᠯᠭᠠᠭᠴᠢ ᠶᠢᠨ ᠡᠮ ᠤᠨ ᠰᠢᠩᠭᠡᠨ ᠨᠢ ᠨᠠᠪᠴᠢᠨ ᠤ ᠢᠯᠲᠠᠰᠤᠨ ᠳᠤ ᠬᠦᠷᠴᠦ ᠳᠡᠶᠢᠯᠬᠦ ᠦᠭᠡᠢ ᠪᠣᠯᠬᠤᠷ ᠪᠤᠵᠠᠷ ᠡᠪᠡᠰᠦ ᠶᠢᠨ ᠰᠢᠩᠭᠡᠬᠡᠨ ᠠᠪᠬᠤ ᠨᠢ ᠪᠠᠭ᠎ᠠ᠂ ᠠᠶᠠᠨᠳᠠᠭᠠᠨ ᠡᠪᠡᠰᠦ ᠠᠷᠢᠯᠭᠠᠬᠤ ᠦᠷ᠎ᠡ ᠳ᠋ᠦᠩ ᠨᠢ ᠮᠠᠭᠤ ᠪᠣᠯᠣᠨ᠎ᠠ᠃ ᠬᠡᠷᠪᠡ ᠳᠡᠩᠳᠡᠭᠦᠦ ᠣᠷᠣᠢ ᠪᠣᠯᠪᠠᠯ᠂ ᠪᠤᠵᠠᠷ ᠡᠪᠡᠰᠦᠨ ᠤ ᠨᠠᠪᠴᠢᠨ ᠤ ᠲᠠᠯᠠᠪᠠᠢ ᠨᠢ ᠶᠡᠭᠡ ᠪᠣᠯᠪᠠᠴᠤ ᠪᠤᠵᠠᠷ ᠡᠪᠡᠰᠦᠨ ᠤ ᠲᠡᠰᠪᠦᠷᠢᠯᠡᠬᠦ ᠴᠢᠨᠠᠷ ᠨᠢ ᠴᠢᠩᠭᠠᠷᠠᠵᠤ᠂ ᠡᠪᠡᠰᠦ ᠠᠷᠢᠯᠭᠠᠬᠤ ᠦᠷ᠎ᠡ ᠳ᠋ᠦᠩ ᠨᠢ ᠴᠦ ᠮᠠᠭᠤ ᠪᠣᠯᠣᠨ᠎ᠠ᠃        ᠨᠥᠭᠦᠭᠡ ᠨᠢᠭᠡ ᠰᠢᠯᠲᠠᠭᠠᠨ ᠨᠢ ᠳᠠᠷᠤᠢ ᠡᠪᠡᠰᠦ ᠠᠷᠢᠯᠭᠠᠭᠴᠢ ᠡᠮ ᠤᠨ ᠬᠤᠣᠷᠳᠠᠯ ᠤᠨ ᠠᠰᠠᠭᠤᠳᠠᠯ ᠪᠣᠯᠣᠨ᠎ᠠ᠂ ᠣᠳᠣᠬᠠᠨ ᠳᠤ ᠭᠤᠣᠯ ᠤᠷᠤᠰᠬᠠᠯ ᠪᠣᠯᠵᠤ ᠪᠠᠶᠢᠭ᠎ᠠ ᠴᠢᠬᠢ ᠭᠠᠷᠤᠭᠰᠠᠨ ᠤ ᠬᠤᠶᠢᠨᠠᠬᠢ ᠡᠪᠡᠰᠦ ᠠᠷᠢᠯᠭᠠᠭᠴᠢ ᠡᠮ ᠪᠣᠯ ᠶᠠᠨ ᠮᠢ ᠬᠤᠸᠠᠩ ᠯᠦᠩ + ᠠᠽᠣᠲ ᠬᠤᠸᠠᠩ ᠼᠤᠤ ᠺᠧᠲ᠋ᠤᠨ + ᠰᠢᠦ ᠴᠢᠦᠢ ᠶᠢᠨ᠂ ᠡᠰᠡᠬᠦᠯ᠎ᠡ ᠠᠽᠣᠲ ᠬᠤᠸᠠᠩ ᠼᠤᠤ ᠺᠧᠲ᠋ᠤᠨ + ᠡᠲ᠋ᠢᠯ ᠡᠪᠡᠰᠦᠨ ᠠᠮᠢᠨ + ᠰᠢᠦ ᠴᠢᠦᠢ ᠶᠢᠨ ᠭᠤᠷᠪᠠᠨ ᠡᠰᠢᠲᠦ ᠨᠡᠶᠢᠯᠡᠮᠡᠯ ᠨᠠᠶᠢᠷᠠᠯᠭ᠎ᠠ ᠪᠣᠯᠤᠨ᠎ᠠ᠂ ᠡᠪᠡᠰᠦ ᠶᠢ ᠠᠯᠠᠬᠤ ᠮᠥᠷᠲᠡᠭᠡᠨ ᠭᠠᠵᠠᠷ ᠢ ᠪᠢᠲᠡᠭᠦᠮᠵᠢᠯᠡᠨ᠎ᠡ᠂ ᠮᠥᠨ ᠴᠦ ᠣᠳᠣᠬᠠᠨ ᠤ ᠬᠠᠮᠤᠭ ᠤᠨ ᠰᠠᠶᠢᠨ ᠴᠢᠬᠢ ᠭᠠᠷᠤᠭᠰᠠᠨ ᠤ ᠬᠤᠶᠢᠨᠠᠬᠢ ᠡᠪᠡᠰᠦ ᠠᠷᠢᠯᠭᠠᠭᠴᠢ ᠡᠮ ᠪᠣᠯᠣᠨ᠎ᠠ᠃        ᠡᠷᠳᠡᠨᠢ ᠰᠢᠰᠢ 5 ᠨᠠᠪᠴᠢ ᠨᠢᠭᠡ ᠭᠤᠣᠯᠯᠠᠬᠤ ᠠᠴᠠ ᠡᠮᠦᠨ᠎ᠡ᠂ 3 ᠨᠠᠪᠴᠢ ᠨᠢᠭᠡ ᠭᠤᠣᠯᠯᠠᠭᠰᠠᠨ ᠤ ᠳᠠᠷᠠᠭ᠎ᠠ᠂ ᠡᠷᠳᠡᠨᠢ ᠰᠢᠰᠢ ᠶᠢᠨ ᠠᠶᠤᠯ ᠦᠭᠡᠢ ᠴᠢᠨᠠᠷ ᠨᠢ ᠬᠠᠮᠤᠭ ᠥᠨᠳᠥᠷ ᠪᠠᠶᠢᠳᠠᠭ᠃ ᠡᠨᠡ ᠦᠶᠡᠰ ᠶᠠᠨ ᠮᠢ ᠬᠤᠸᠠᠩ ᠯᠦᠩ ᠡᠪᠡᠰᠦ ᠠᠷᠢᠯᠭᠠᠭᠴᠢ ᠡᠮ ᠢ ᠭᠡᠷᠡᠭᠯᠡᠪᠡᠯ ᠬᠠᠮᠤᠭ ᠰᠠᠶᠢᠨ᠃ ᠡᠨᠡ ᠬᠤᠭᠤᠴᠠᠭᠠᠨ ᠳᠤ ᠡᠷᠳᠡᠨᠢ ᠰᠢᠰᠢ ᠶᠢᠨ ᠨᠠᠪᠴᠢ ᠨᠢ ᠭᠥᠯᠢᠭᠡᠷ ᠪᠥᠭᠡᠳ ᠴᠡᠯᠮᠡᠨ ᠦᠰᠦ ᠦᠭᠡᠢ᠂ ᠡᠷᠳᠡᠨᠢ ᠰᠢᠰᠢ 5 ᠨᠠᠪᠴᠢᠯᠠᠬᠤ ᠠᠴᠠ ᠡᠮᠦᠨ᠎ᠡ᠂ ᠲᠡᠭᠦᠨ ᠤ ᠶᠡᠬᠡᠩᠬᠢ ᠬᠡᠰᠡᠭ ᠤᠨ ᠥᠰᠦᠯᠲᠡ ᠳᠤ ᠬᠡᠷᠡᠭᠰᠡᠬᠦ ᠰᠢᠮ᠎ᠡ ᠲᠡᠵᠢᠭᠡᠯ ᠨᠢ ᠡᠷᠳᠡᠨᠢ ᠰᠢᠰᠢ ᠶᠢᠨ ᠦᠷ᠎ᠡ ᠶᠢᠨ ᠬᠦᠪᠦᠷᠡᠯ ᠠᠴᠠ ᠢᠷᠡᠯᠲᠡᠢ ᠪᠠᠶᠢᠵᠤ᠂ ᠡᠷᠳᠡᠨᠢ ᠰᠢᠰᠢ ᠶᠢᠨ ᠺᠧᠲ᠋ᠤᠨ ᠰᠢᠭᠦᠷᠡᠭᠦᠯᠵᠦ᠂ ᠶᠠᠨ ᠮᠢ ᠬᠤᠸᠠᠩ ᠯᠦᠩ ᠢ ᠡᠰᠡᠷᠭᠦᠴᠡᠬᠦ ᠴᠢᠳᠠᠯ ᠡᠭᠦᠰᠬᠡᠳᠡᠭ᠃ ᠡᠷᠳᠡᠨᠢ ᠰᠢᠰᠢ 6 ᠨᠠᠪᠴᠢᠯᠠᠭᠰᠠᠨ ᠤ ᠳᠠᠷᠠᠭ᠎ᠠ᠂ ᠶᠠᠨ ᠮᠢ ᠬᠤᠸᠠᠩ ᠯᠦᠩ ᠢ ᠭᠡᠷᠡᠭᠯᠡᠪᠡᠯ ᠡᠷᠳᠡᠨᠢ ᠰᠢᠰᠢ ᠶᠢᠨ ᠠᠶᠤᠯᠭᠦᠢ ᠴᠢᠨᠠᠷ ᠲᠤ ᠬᠠᠷᠢᠴᠠᠩᠭᠤᠢ ᠪᠠᠷ ᠮᠠᠭᠤ ᠮᠦᠷᠲᠡᠭᠡᠨ ᠡᠪᠡᠰᠦ ᠠᠷᠢᠯᠭᠠᠬᠤ ᠦᠷ᠎ᠡ ᠳ᠋ᠦᠩ ᠨᠢ ᠴᠦ ᠮᠠᠭᠤ ᠶᠤᠮ᠃         ᠶᠠᠨ ᠮᠢ ᠬᠤᠸᠠᠩ ᠯᠦᠩ + ᠠᠽᠣᠲ ᠬᠤᠸᠠᠩ ᠼᠤᠤ ᠺᠧᠲ᠋ᠤᠨ + ᠰᠢᠦ ᠴᠢᠦᠢ ᠶᠢᠨ ᠤ ᠬᠠᠮ ᠨᠠᠶᠢᠷᠠᠭᠤᠯᠭ᠎ᠠ  ᠨᠢ ᠣᠶᠢᠷ᠎ᠠ ᠶᠢᠨ ᠬᠡᠳᠦᠨ ᠵᠢᠯ ᠳᠤ ᠲᠠᠷᠢᠶᠠᠴᠢᠨ ᠡᠷᠦᠬᠡ ᠶᠢᠨ ᠬᠦᠷᠢᠶᠡᠯᠡᠯ ᠢ ᠣᠯᠵᠤ᠂ ᠡᠨᠡ ᠭᠤᠷᠪᠠᠨ ᠲᠠᠯ᠎ᠠ ᠶᠢᠨ ᠳᠠᠪᠠᠭᠤᠯᠢᠭ ᠲᠠᠯ᠎ᠠ ᠶᠢ ᠤᠶᠠᠯᠳᠤᠭᠤᠯᠵᠤ᠂ ᠡᠪᠡᠰᠦ ᠠᠷᠢᠯᠭᠠᠬᠤ ᠬᠡᠪᠴᠢᠶ᠎ᠡ ᠨᠢ ᠨᠡᠩ ᠥᠷᠭᠡᠨ᠂ ᠡᠪᠡᠰᠦ ᠠᠷᠢᠯᠭᠠᠬᠤ ᠬᠤᠷᠳᠤᠴᠠ ᠨᠢ ᠨᠡᠩ ᠲᠦᠷᠭᠡᠨ᠂ ᠡᠪᠡᠰᠦ ᠠᠷᠢᠯᠭᠠᠬᠤ ᠦᠷ᠎ᠡ ᠪᠦᠲᠦᠮᠵᠢ ᠨᠢ ᠨᠡᠩ ᠰᠠᠶᠢᠨ ᠪᠣᠯᠵᠠᠢ᠃       ᠡᠪᠡᠰᠦ ᠠᠷᠢᠯᠭᠠᠭᠴᠢ ᠶᠢ ᠬᠡᠷᠡᠭᠯᠡᠬᠦ ᠶᠠᠪᠤᠴᠠ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ︖       1. ᠲᠠᠷᠢᠶᠠᠴᠢᠨ ᠡᠷᠦᠬᠡ ᠳᠤ ᠰᠠᠨᠠᠭᠤᠯᠬᠤ ᠨᠢ ᠡᠪᠡᠰᠦ ᠠᠷᠢᠯᠭᠠᠭᠴᠢ ᠶᠢ ᠬᠡᠷᠡᠭᠯᠡᠬᠦ ᠬᠠᠮᠤᠭ ᠤᠨ ᠰᠠᠶᠢᠨ ᠴᠠᠭ  ᠨᠢ ᠦᠳᠡ ᠶᠢᠨ ᠡᠮᠦᠨᠡᠬᠢ 10 ᠴᠠᠭ ᠠᠴᠠ ᠡᠮᠦᠨ᠎ᠡ ᠪᠠ ᠦᠳᠡ ᠶᠢᠨ ᠬᠤᠶᠢᠨᠠᠬᠢ 5 ᠴᠠᠭ ᠠᠴᠠ ᠬᠤᠶᠢᠨ᠎ᠠ᠂ ᠠᠯᠢ ᠴᠢᠳᠠᠬᠤ ᠪᠠᠷ ᠰᠠᠯᠬᠢ ᠦᠭᠡᠢ ᠴᠠᠭ ᠠᠭᠤᠷ ᠢ ᠰᠣᠩᠭᠤᠵᠤ ᠡᠮ ᠬᠡᠷᠡᠭᠯᠡᠨ᠎ᠡ᠂ ᠡᠩ ᠤᠨ ᠪᠠᠶᠢᠳᠠᠯ ᠳᠤ ᠡᠪᠡᠰᠦ ᠠᠷᠢᠯᠭᠠᠭᠴᠢ ᠡᠮ ᠨᠢ ᠡᠮ ᠤᠨ ᠰᠢᠩᠭᠡᠨ ᠢ ᠪᠦᠷᠢᠮᠦᠰᠦᠨ ᠰᠢᠩᠭᠡᠭᠡᠬᠦ ᠳᠤ 3 — 6 ᠴᠠᠭ ᠬᠡᠷᠡᠭᠰᠡᠨ᠎ᠡ᠂ ᠡᠶᠢᠮᠦ ᠠᠴᠠ 24 ᠴᠠᠭ ᠤᠨ ᠳᠣᠲᠣᠷ᠎ᠠ ᠪᠣᠷᠣᠭᠠᠨ ᠣᠷᠣᠪᠠᠯ ᠨᠥᠬᠦᠵᠦ ᠰᠦᠷᠴᠢᠬᠦ ᠴᠢᠬᠤᠯᠠ ᠦᠭᠡᠢ᠃       2. ᠡᠷᠳᠡᠨᠢ ᠰᠢᠰᠢ ᠶᠢᠨ 3 — 5 ᠨᠠᠪᠴᠢᠯᠠᠬᠤ ᠦᠶ᠎ᠡ᠂ ᠪᠤᠵᠠᠷ ᠡᠪᠡᠰᠦᠨ ᠤ 2 — 4 ᠨᠠᠪᠴᠢᠯᠠᠬᠤ ᠬᠤᠭᠤᠴᠠᠭ᠎ᠠ ᠪᠣᠯ ᠡᠪᠡᠰᠦ ᠠᠷᠢᠯᠭᠠᠭᠴᠢ ᠶᠢ ᠰᠦᠷᠴᠢᠬᠦ ᠬᠠᠮᠤᠭ ᠤᠨ ᠰᠠᠶᠢᠨ ᠴᠠᠭ ᠬᠤᠭᠤᠴᠠᠭ᠎ᠠ ᠮᠥᠨ᠂ ᠭᠡᠬᠦ ᠳᠡᠭᠡᠨ ᠡᠪᠡᠰᠦ ᠠᠷᠢᠯᠭᠠᠭᠴᠢ ᠶᠢ ᠰᠦᠷᠴᠢᠬᠦ ᠦᠶ᠎ᠡ ᠳᠤ ᠴᠢᠳᠠᠬᠤ ᠶᠢᠨ ᠳᠣᠲᠣᠷ᠎ᠠ ᠡᠷᠳᠡᠨᠢ ᠰᠢᠰᠢ ᠶᠢᠨ ᠰᠠᠭᠤᠷᠢ ᠳᠡᠭᠡᠷ᠎ᠡ ᠰᠢᠭᠤᠳ ᠰᠦᠷᠴᠢᠬᠦ ᠦᠭᠡᠢ ᠪᠠᠶᠢᠬᠤ ᠶᠢ ᠬᠢᠴᠢᠶᠡᠬᠦ ᠴᠢᠬᠤᠯᠠᠳᠠᠢ᠃       3. ᠡᠷᠬᠡᠪᠰᠢ ᠬᠤᠶᠠᠳᠠᠭᠢ ᠤᠳᠠᠭ᠎ᠠ ᠰᠢᠩᠭᠡᠷᠡᠭᠦᠯᠬᠦ ᠬᠡᠷᠡᠭᠲᠡᠢ᠃ ᠬᠡᠷᠡᠭᠯᠡᠬᠦ ᠠᠴᠠ ᠪᠠᠨ ᠡᠮᠦᠨ᠎ᠡ ᠡᠪᠡᠰᠦ ᠠᠷᠢᠯᠭᠠᠭᠴᠢ ᠶᠢ ᠵᠢᠭᠳᠡ ᠰᠠᠵᠢᠨ᠂ ᠵᠣᠬᠢᠬᠤ ᠬᠡᠮᠵᠢᠶᠡᠨ ᠤ ᠡᠪᠡᠰᠦ ᠠᠷᠢᠯᠭᠠᠭᠴᠢ ᠳᠤ ᠤᠰᠤ ᠨᠡᠮᠡᠵᠦ ᠰᠢᠩᠭᠡᠷᠡᠭᠦᠯᠦᠭᠰᠡᠨ ᠤ ᠳᠠᠷᠠᠭ᠎ᠠ ᠪᠣᠳᠠᠲᠠᠢ ᠬᠡᠷᠡᠭᠯᠡᠬᠦ ᠬᠡᠮᠵᠢᠶ᠎ᠡ ᠶᠢ ᠨᠢ ᠦᠨᠳᠦᠰᠦᠯᠡᠨ ᠳᠠᠬᠢᠭᠠᠳ ᠤᠰᠤ ᠬᠤᠯᠢᠬᠰᠠᠨ ᠤ ᠳᠠᠷᠠᠭ᠎ᠠ ᠰᠦᠷᠴᠢᠪᠡᠯ ᠪᠣᠯᠴᠢᠬᠠᠨ᠎ᠠ᠃     4. ᠡᠪᠡᠰᠦ ᠠᠷᠢᠯᠭᠠᠭᠴᠢ ᠶᠢ ᠴᠢᠳᠠᠬᠤ ᠶᠢᠨ ᠬᠢᠷᠢ ᠪᠠᠷ ᠲᠤᠰᠠᠭᠠᠷ ᠬᠡᠷᠡᠭᠯᠡᠨ᠎ᠡ᠃ ᠡᠪᠡᠰᠦ ᠠᠷᠢᠯᠭᠠᠭᠴᠢ ᠡᠮ ᠢ ᠬᠡᠳᠦ᠋ᠢᠪᠡᠷ ᠬᠡᠰᠡᠭ ᠬᠤᠷᠣᠬᠠᠢ ᠠᠯᠠᠬᠤ ᠡᠮ ᠲᠠᠢ ᠬᠤᠯᠢᠵᠤ ᠬᠡᠷᠡᠭᠯᠡᠵᠦ ᠪᠣᠯᠬᠤ ᠪᠣᠯᠪᠠᠴᠤ᠂ ᠲᠠᠷᠢᠶᠠᠴᠢᠨ ᠡᠷᠦᠬᠡ ᠶᠢᠨ ᠪᠣᠳᠠᠲᠤ ᠪᠠᠶᠢᠳᠠᠯ ᠢ ᠪᠣᠳᠣᠯᠬᠢᠯᠠᠨ᠂ ᠡᠮ ᠤᠨ ᠬᠤᠣᠷ ᠡᠭᠦᠰᠬᠦ ᠠᠴᠠ ᠰᠡᠷᠭᠡᠶᠢᠯᠡᠬᠦ ᠶᠢᠨ ᠲᠥᠯᠥᠭᠡ ᠬᠤᠯᠢᠵᠤ ᠬᠡᠷᠡᠭᠯᠡᠬᠦ ᠦᠭᠡᠢ ᠪᠠᠶᠢᠬᠤ ᠶᠢ ᠤᠯᠠᠨ ᠳᠤ ᠰᠠᠨᠠᠭᠤᠯᠵᠤ ᠪᠠᠶᠢᠨ᠎ᠠ᠃      ᠬᠤᠶᠠᠷ᠂ ᠵᠤᠨ ᠤ ᠡᠷᠳᠡᠨᠢ ᠰᠢᠰᠢ ᠳᠤ ᠬᠡᠵᠢᠶ᠎ᠡ ᠪᠣᠷᠳᠤᠭᠤᠷ ᠣᠷᠤᠭᠤᠯᠬᠤ ᠪᠤᠢ     ᠵᠣᠨ ᠤ ᠤᠯᠠᠷᠢᠯ ᠤᠨ ᠡᠷᠳᠡᠨᠢ ᠰᠢᠰᠢ ᠶᠢᠨ ᠪᠣᠷᠳᠣᠭᠤᠷ ᠣᠷᠤᠭᠤᠯᠬᠤ ᠬᠠᠮᠤᠭ ᠤᠨ ᠰᠠᠶᠢᠨ ᠴᠠᠭ ᠪᠣᠯ ᠡᠷᠳᠡᠨᠢ ᠰᠢᠰᠢ ᠶᠢᠨ ᠪᠦᠷᠢᠶᠡᠨ ᠤ ᠠᠮᠠᠰᠠᠷ ᠤᠨ ᠬᠤᠭᠤᠴᠠᠭ᠎ᠠ ᠪᠣᠯᠣᠨ᠎ᠠ᠂ ᠳᠠᠷᠤᠢ 10 — 12 ᠨᠠᠪᠴᠢᠯᠠᠬᠤ ᠦᠶ᠎ᠡ ᠪᠣᠯᠣᠨ᠎ᠠ᠂ ᠬᠡᠲᠦ ᠡᠷᠲᠡ ᠪᠤᠷᠳᠤᠭᠤᠷ ᠣᠷᠣᠭᠤᠯᠪᠠᠯ ᠰᠡᠭᠦᠯᠴᠢ ᠶᠢᠨ ᠬᠤᠭᠤᠴᠠᠭᠠᠨ ᠳᠤ ᠪᠣᠷᠳᠣᠭᠤᠷ ᠦᠭᠡᠶᠢᠳᠡᠭᠰᠡᠨ ᠠᠴᠠ ᠪᠤᠯᠵᠤ ᠡᠷᠳᠡᠨᠢ ᠰᠢᠰᠢ ᠶᠢᠨ ᠤᠨᠠᠯᠲᠠ ᠶᠢ ᠨᠥᠯᠥᠭᠡᠯᠡᠵᠦ᠂ ᠬᠡᠲᠦ ᠣᠷᠣᠢ ᠪᠣᠯᠪᠠᠯ ᠪᠣᠷᠳᠣᠭᠤᠷ ᠪᠦᠷᠢᠯᠭᠡᠬᠦ ᠪᠣᠯᠣᠨ᠎ᠠ᠃ ᠪᠣᠷᠳᠣᠭᠤᠷ ᠣᠷᠣᠭᠤᠯᠬᠤ ᠬᠡᠮᠵᠢᠶ᠎ᠡ ᠶᠢᠨ ᠲᠠᠯ᠎ᠠ ᠪᠠᠷ ᠪᠣᠳᠠᠲᠠᠢ ᠪᠠᠷᠢᠮᠵᠢᠶ᠎ᠠ ᠦᠭᠡᠢ᠂ ᠲᠠᠷᠢᠶᠠᠴᠢᠨ ᠡᠷᠦᠬᠡ ᠥᠪᠡᠷ ᠤᠨ ᠡᠷᠳᠡᠨᠢ ᠰᠢᠰᠢ ᠶᠢᠨ ᠤᠷᠭᠤᠴᠠ ᠵᠢᠴᠢ ᠬᠥᠷᠥᠰᠥ ᠰᠢᠷᠣᠢ ᠶᠢᠨ ᠰᠢᠮ᠎ᠡ ᠲᠡᠵᠢᠭᠡᠯ ᠢᠶᠠᠨ ᠦᠨᠳᠦᠰᠦᠯᠡᠨ ᠬᠡᠷᠡᠭᠯᠡᠬᠦ ᠬᠡᠮᠵᠢᠶ᠎ᠡ ᠪᠠᠨ ᠲᠣᠭᠲᠠᠭᠠᠵᠤ᠂ ᠮᠦ ᠪᠦᠷᠢ ᠶᠢᠨ ᠰᠢᠭᠡᠰᠦᠯᠢᠭ ᠡᠳ᠋ ᠤᠨ ᠬᠡᠷᠡᠭᠯᠡᠬᠦ ᠬᠡᠮᠵᠢᠶ᠎ᠡ ᠶᠢ 25 ᠺᠢᠯᠣᠭ᠍ᠷᠠᠮ ᠣᠷᠴᠢᠮ ᠪᠠᠶᠢᠯᠭᠠᠬᠤ ᠶᠢ ᠰᠠᠨᠠᠭᠤᠯᠵᠤ ᠪᠠᠶᠢᠨ᠎ᠠ᠂ ᠬᠡᠷᠪᠡ ᠡᠮᠦᠨᠡᠬᠢ ᠬᠤᠭᠤᠴᠠᠭᠠᠨ ᠤ ᠺᠠᠯᠢ ᠪᠣᠷᠳᠣᠭᠤᠷ ᠬᠡᠷᠡᠭᠯᠡᠬᠦ ᠬᠡᠮᠵᠢᠶ᠎ᠡ ᠬᠦᠷᠦᠯᠴᠡᠬᠦ ᠦᠭᠡᠢ ᠪᠣᠯ ᠮᠦ ᠪᠦᠷᠢ ᠳᠤ ᠳᠠᠬᠢᠨ 10 ᠺᠢᠯᠣᠭ᠍ᠷᠠᠮ ᠾᠯᠣᠷᠲᠤ ᠺᠠᠯᠢ ᠨᠡᠮᠡᠵᠦ ᠪᠣᠯᠣᠨ᠎ᠠ᠂ ᠢᠩᠭᠢᠪᠡᠯ ᠪᠦᠬᠦ᠋ᠢᠯᠡ ᠡᠷᠳᠡᠨᠢ ᠰᠢᠰᠢ ᠶᠢᠨ ᠤᠷᠭᠤᠯᠲᠠ ᠶᠢᠨ ᠦᠶᠡᠯᠡᠯ ᠤᠨ ᠬᠤᠭᠤᠴᠠᠭᠠᠨ ᠤ ᠪᠤᠶᠢᠵᠢᠯᠲᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠨ᠎ᠠ᠃      ᠶᠠᠭᠠᠬᠢᠵᠤ ᠪᠣᠷᠳᠣᠭᠤᠷ ᠣᠷᠣᠭᠤᠯᠬᠤ ᠨᠢ ᠴᠤ ᠪᠠᠷᠢᠮᠵᠢᠶ᠎ᠠ ᠪᠠᠶᠢᠬᠤ ᠦᠭᠡᠢ᠂ ᠡᠷᠳᠡᠨᠢ ᠰᠢᠰᠢ ᠶᠢᠨ ᠦᠨᠳᠦᠰᠦ ᠶᠢᠨ ᠰᠢᠰᠲ᠋ᠧᠮ ᠨᠢ ᠪᠣᠷᠳᠣᠭᠤᠷ ᠤᠰᠤ ᠦᠭᠡᠳᠡ ᠴᠢᠨᠠᠷᠲᠠᠢ ᠤᠴᠢᠷ ᠠᠴᠠ ᠰᠢᠩᠭᠡᠭᠡᠵᠦ ᠳᠡᠶᠢᠯᠬᠦ ᠦᠭᠡᠢ ᠠᠴᠠ ᠵᠣᠪᠠᠭ᠋ᠤ ᠬᠡᠷᠡᠭ ᠦᠭᠡᠢ᠂ ᠭᠦᠨ ᠤ ᠬᠡᠮᠵᠢᠶ᠎ᠡ ᠨᠢ 10 ᠰᠠᠨᠲ᠋ᠢᠮᠧᠳ᠋ᠷ ᠣᠷᠴᠢᠮ ᠪᠠᠶᠢᠪᠠᠯ ᠪᠣᠯᠴᠢᠬᠠᠨ᠎ᠠ᠂ ᠡᠷᠬᠡᠪᠰᠢ ᠬᠥᠷᠥᠰᠥ ᠶᠢ ᠪᠦᠷᠬᠦᠬᠦ ᠬᠡᠷᠡᠭᠲᠡᠢ᠂ ᠬᠡᠷᠪᠡ ᠬᠥᠷᠥᠰᠥᠨ ᠤ ᠴᠢᠭᠢᠭ ᠤᠨ ᠪᠠᠶᠢᠳᠠᠯ ᠮᠠᠭᠤ ᠪᠣᠯ ᠪᠠᠰᠠ ᠨᠢᠭᠡ ᠤᠳᠠᠭ᠎ᠠ ᠤᠰᠤᠯᠠᠵᠤ᠂ ᠪᠣᠷᠳᠣᠭᠤᠷ ᠪᠦᠷᠢᠯᠭᠡᠬᠦ ᠠᠴᠠ ᠰᠡᠷᠭᠡᠶᠢᠯᠡᠬᠦ ᠬᠡᠷᠡᠭᠲᠡᠢ᠃    
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ