ᠰᠤᠷᠭᠠᠨ ᠬᠥᠮᠦᠵᠢᠯ ᠤᠨ ᠶᠠᠮᠤᠨ᠄ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠵᠣᠬᠢᠶᠠᠨ ᠪᠠᠶᠢᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2023/7/24
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︿ᠠᠮᠤᠷ ᠲᠦᠪᠰᠢᠨ ᠬᠡᠷᠡᠭᠯᠡᠭᠡ﹀ ᠶᠢᠨ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ 5 ᠰᠠᠷ᠎ᠠ ᠠᠴᠠ 6 ᠰᠠᠷ᠎ᠠ ᠪᠣᠯᠲᠠᠯ᠎ᠠ ᠪᠥᠬᠦ ᠤᠯᠤᠰ ᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠠᠮᠤᠷ ᠲᠦᠪᠰᠢᠨ ᠬᠡᠷᠡᠭᠯᠡᠭᠡ︾ ᠶᠢᠨ ᠲᠤᠰᠬᠠᠢ ᠠᠵᠢᠯᠯᠠᠭ᠎ᠠ ᠥᠷᠨᠢᠭᠦᠯᠬᠦ ᠪᠣᠯᠣᠨ᠎ᠠ᠃ ᠮᠡᠳᠡᠭᠳᠡᠯ ᠳᠤ ᠲᠣᠭᠲᠠᠭᠠᠭᠰᠠᠨ ᠢᠶᠠᠷ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠢ ᠡᠵᠡᠯᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠪᠣᠯᠬᠤ ᠦᠭᠡᠢ᠃     ︽ᠬᠤᠶᠠᠷ ᠢ ᠬᠦᠡᠭᠭᠡᠷᠡᠬᠦᠯᠬᠦ︾ ᠠᠵᠢᠯ ᠢ  ᠦᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ  ᠶᠢᠨ ᠵᠠᠰᠠᠯᠲᠠ ᠶᠢ ᠲᠠᠰᠤᠷᠠᠯᠲᠠ ᠦᠭᠡᠢ  ᠭᠦᠨᠵᠡᠭᠡᠶᠢᠷᠡᠭᠦᠯᠤᠨ ᠨᠡᠯᠢᠶᠡᠳ ᠦᠷ᠎ᠡ ᠪᠦᠲᠦᠮᠵᠢ ᠣᠯᠪᠠ᠃ ᠭᠡᠪᠡᠴᠦ ᠵᠠᠷᠢᠮ ᠪᠣᠯᠪᠠᠰᠤᠷᠠᠯ ᠤᠨ ᠪᠠᠶᠢᠭᠤᠯᠤᠮᠵᠢ ᠨᠢ ᠤᠷᠢᠳᠴᠢᠯᠠᠨ ᠬᠤᠷᠢᠶᠠᠭᠰᠠᠨ ᠰᠦᠢᠳᠬᠡᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠠᠴᠠ ᠵᠠᠶᠢᠯᠠᠵᠤ᠂ ︽ᠰᠦᠢᠳᠬᠡᠯ ᠢ ᠪᠤᠴᠠᠭᠠᠬᠤ ᠳᠤ ᠬᠦᠴᠢᠷ︾ ᠵᠡᠷᠭᠡ ᠠᠰᠠᠭᠤᠳᠠᠯ ᠢ ᠪᠣᠶ ᠪᠣᠯᠭᠠᠪᠠ᠃ ᠵᠠᠷᠢᠮ ᠭᠠᠵᠠᠷ ᠣᠷᠣᠨ ᠳᠤ ᠥᠨᠳᠥᠷ ᠰᠦᠢᠳᠬᠡᠯ ᠬᠤᠷᠢᠶᠠᠵᠤ᠂ ᠬᠢᠨᠠᠯᠲᠠ ᠬᠠᠮᠢᠶᠠᠷᠤᠯᠲᠠ ᠠᠴᠠ ᠰᠠᠯᠵᠤ᠂ ᠰᠣᠷᠣᠭᠴᠢ ᠵᠢᠴᠢ ᠭᠡᠷ ᠤᠨ ᠠᠬᠠᠮᠠᠳ ᠤᠨ ᠠᠰᠢᠭ ᠲᠤᠰᠠ ᠶᠢ ᠬᠤᠬᠢᠷᠠᠭᠤᠯᠵᠤ᠂ ᠶᠠᠰᠤ ᠴᠢᠨᠠᠷ ᠪᠠ ᠠᠮᠤᠷ ᠲᠦᠪᠰᠢᠨ ᠤ ᠬᠡᠮ ᠰᠣᠭᠤᠭ ᠢ ᠪᠣᠶ ᠪᠣᠯᠭᠠᠵᠤ ᠪᠠᠶᠢᠨ᠎ᠠ᠃ ᠲᠤᠰᠬᠠᠢ ᠠᠵᠢᠯᠯᠠᠭ᠎ᠠ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠰᠦᠢᠳᠬᠡᠯ ᠲᠤᠰᠢᠶᠠᠬᠤ ᠠᠮᠤᠷ ᠲᠦᠪᠰᠢᠨ ᠪᠠ ᠪᠣᠯᠪᠠᠰᠤᠷᠠᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠢ ᠬᠠᠮᠠᠭᠠᠯᠠᠬᠤ ᠪᠠᠷ ᠭᠤᠣᠯ ᠬᠠᠷᠠᠯᠲᠠ ᠪᠣᠯᠭᠠᠵᠤ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ  ᠦᠢᠯᠨ ᠠᠵᠢᠯᠯᠠᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ  ᠦᠢᠯᠨ ᠠᠵᠢᠯᠯᠠᠭ᠎ᠠ ᠶᠢ ᠴᠢᠩᠭ᠎ᠠ ᠰᠶᠢᠳᠪᠦᠷᠢᠯᠡᠨ᠎ᠠ᠃      ᠲᠤᠰᠬᠠᠢ ᠠᠵᠢᠯᠯᠠᠭ᠎ᠠ ᠨᠢ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠪᠡ᠄ ᠪᠣᠯᠪᠠᠰᠤᠷᠠᠯ ᠤᠨ ᠰᠦᠢᠳᠬᠡᠯ ᠬᠤᠷᠢᠶᠠᠬᠤ ᠦᠢᠯᠨ ᠠᠵᠢᠯᠯᠠᠭ᠎ᠠ ᠶᠢ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠨᠡᠶᠢᠳᠡ ᠶᠢ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠎ᠠ᠃ ᠰᠤᠷᠭᠠᠭᠤᠯᠢ  ᠶᠢᠨ ᠭᠠᠳᠠᠨᠠᠬᠢ ᠪᠣᠯᠪᠠᠰᠤᠷᠠᠯ ᠤᠨ ᠤᠷᠢᠳᠴᠢᠯᠠᠨ ᠬᠤᠷᠢᠶᠠᠬᠤ ᠰᠦᠢᠳᠬᠡᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠦᠢᠳᠬᠡᠯ ᠪᠤᠴᠠᠭᠠᠬᠤ ᠳᠤ ᠬᠦᠴᠢᠷ︾᠂ ︽ᠵᠣᠭᠤᠰ ᠢ ᠨᠢ ᠠᠪᠤᠭᠠᠳ ᠳᠤᠳᠠᠭᠠᠬᠤ︾ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠤᠷᠢᠳᠴᠢᠯᠠᠨ ᠰᠡᠷᠭᠡᠶᠢᠯᠡᠵᠦ᠂ ᠰᠣᠷᠣᠭᠴᠢ ᠵᠢᠴᠢ ᠭᠡᠷ ᠤᠨ ᠠᠬᠠᠮᠠᠳ ᠤᠨ ᠰᠦᠢᠳᠬᠡᠯ ᠲᠤᠰᠢᠶᠠᠬᠤ ᠠᠮᠤᠷ ᠲᠦᠪᠰᠢᠨ ᠢ ᠬᠠᠮᠠᠭᠠᠯᠠᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠡᠷᠡᠭᠯᠡᠭᠡᠨ ᠤ ᠵᠠᠭᠤᠷᠠᠯᠳᠤᠭᠠᠨ ᠢ ᠲᠦᠷᠭᠡᠪᠴᠢᠯᠡᠨ ᠰᠶᠢᠳᠪᠦᠷᠢᠯᠡᠵᠦ᠂ ᠰᠣᠷᠣᠭᠴᠢ ᠵᠢᠴᠢ ᠭᠡᠷ ᠤᠨ ᠠᠬᠠᠮᠠᠳ ᠤᠨ ᠰᠦᠢᠳᠬᠡᠯ ᠢᠶᠠᠨ ᠵᠦᠢ ᠵᠣᠬᠢᠰᠲᠠᠢ ᠪᠠᠷ ᠪᠤᠴᠠᠭᠠᠬᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠶᠢᠳᠪᠦᠷᠢᠯᠡᠨ᠎ᠡ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠵᠤ᠂ ᠡᠷᠡᠭᠦᠯ ᠪᠥᠭᠡᠳ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ ᠬᠡᠷᠡᠭᠯᠡᠭᠡ ᠶᠢᠨ ᠬᠥᠮᠦᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠰᠣᠷᠣᠭᠴᠢ ᠵᠢᠴᠢ ᠭᠡᠷ ᠤᠨ ᠠᠬᠠᠮᠠᠳ ᠤᠨ ᠬᠡᠷᠡᠭᠯᠡᠭᠡ ᠶᠢ ᠬᠠᠮᠠᠭᠠᠯᠠᠬᠤ ᠦᠵᠡᠯ ᠤᠬᠠᠮᠰᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠤᠨ᠎ᠡ᠃ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠪᠣᠯᠪᠠᠰᠤᠷᠠᠯ ᠤᠨ ᠦᠢᠯᠨ ᠠᠵᠢᠯᠯᠠᠭ᠎ᠠ ᠶᠢ ᠡᠷᠡᠰ ᠪᠠᠶᠢᠴᠠᠭᠠᠨ ᠰᠶᠢᠳᠪᠦᠷᠢᠯᠡᠵᠦ᠂ ᠬᠢᠷᠢ ᠬᠡᠮ ᠦᠭᠡᠢ᠂ ᠶᠠᠰᠤ ᠴᠢᠨᠠᠷ ᠤᠨ ᠪᠠᠲᠤᠯᠠᠭ᠎ᠠ ᠦᠭᠡᠢ᠂ ᠠᠮᠤᠷ ᠲᠦᠪᠰᠢᠨ ᠤ ᠪᠠᠲᠤᠯᠠᠭ᠎ᠠ ᠦᠭᠡᠢ ᠰᠢᠨᠵᠢᠯᠡᠭᠡᠨ ᠤ ᠲᠥᠷᠥᠯ ᠤᠨ ᠨᠢᠭᠤᠭᠳᠠᠮᠠᠯ ᠪᠤᠶᠤ ᠣᠨᠳᠣᠣᠰᠢᠬᠰᠠᠨ ᠪᠣᠯᠪᠠᠰᠤᠷᠠᠯ ᠢ ᠪᠦᠲᠦᠮᠵᠢᠲᠡᠢ ᠰᠡᠷᠭᠡᠶᠢᠯᠡᠨ ᠵᠠᠰᠠᠨ᠎ᠠ᠃        ᠡᠯ᠎ᠡ ᠭᠠᠵᠠᠷ ᠤᠨ ᠬᠢᠨ ᠬᠡᠯᠪᠡᠷᠢ ᠶᠢ ᠨᠢ ᠬᠤᠪᠢᠷᠠᠭᠤᠯᠤᠭᠰᠠᠨ ᠪᠣᠯᠪᠠᠰᠤᠷᠠᠯ ᠤᠨ ᠵᠢᠭᠰᠠᠭᠠᠨ ᠪᠠᠶᠢᠴᠠᠭᠠᠯᠲᠠ ᠶᠢ ᠡᠳᠦᠷ ᠲᠤᠲᠤᠮ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠳᠡᠢ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠢ ᠡᠵᠡᠯᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠪᠣᠯᠬᠤ ᠦᠭᠡᠢ ᠭᠡᠰᠡᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃     
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ