ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠳᠠᠪᠤᠳᠤᠭᠠᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠳᠠᠮᠢᠷ ᠤᠨ ᠴᠤᠭᠯᠠᠭᠠᠨ ᠵᠢᠴᠢ ᠤᠨᠴᠠᠭᠠᠢ ᠤᠯᠢᠮᠫᠢᠺ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠭᠠᠯ ᠪᠠᠮᠪᠡᠷ ᠳᠠᠮᠵᠢᠭᠤᠯᠬᠤ ᠠᠵᠢᠯᠯᠠᠭ᠎ᠠ ᠬᠤᠶᠠᠳᠤᠭᠠᠷ ᠦᠷᠳᠡᠭᠡ ᠪᠤᠯᠬᠤ ᠤᠳᠤᠭ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/7/5
       7 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠠᠨ ᠤ ᠠᠩᠬᠠᠷᠤᠯ ᠢ ᠳᠠᠳᠠᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠳᠠᠪᠤᠳᠤᠭᠠᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠳᠠᠮᠢᠷ ᠤᠨ ᠴᠤᠭᠯᠠᠭᠠᠨ ᠵᠢᠴᠢ ᠤᠨᠴᠠᠭᠠᠢ ᠤᠯᠢᠮᠫᠢᠺ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠭᠠᠯ ᠪᠠᠮᠪᠡᠷ ᠳᠠᠮᠵᠢᠭᠤᠯᠬᠤ ᠠᠵᠢᠯᠯᠠᠭ᠎ᠠ ᠬᠤᠶᠠᠳᠤᠭᠠᠷ ᠦᠷᠳᠡᠭᠡ ᠪᠤᠯᠬᠤ ᠤᠳᠤᠭ ᠬᠤᠰᠢᠭᠤᠨ ᠳᠤ ᠳᠠᠮᠵᠢᠭᠤᠯᠪᠠ᠃ ᠶᠤᠰᠤᠯᠠᠯ ᠤᠨ ᠭᠤᠤᠯ ᠳᠠᠯᠠᠪᠤᠷ ᠪᠤᠯᠬᠤ ᠤᠯᠠᠭᠠᠨᠪᠠᠯᠭᠠᠰᠤᠨ ᠤ ᠭᠠᠯ ᠭᠤᠯᠤᠮᠳᠠ ᠠᠭᠤᠳᠠᠮ ᠲᠠᠯᠠᠪᠠᠢ ᠪᠠᠶᠠᠷ ᠪᠠᠶᠠᠰᠬᠤᠯᠠᠩᠳᠤ ᠠᠭᠤᠷ ᠠᠮᠢᠰᠬᠤᠯ ᠢᠶᠠᠷ ᠪᠢᠯᠬᠠᠨ᠎ᠠ᠃      ᠠᠵᠢᠯᠯᠠᠭ᠎ᠠ ᠨᠢ ᠤᠷᠠᠨ ᠰᠠᠶᠢᠬᠠᠨ ᠤ ᠳᠤᠭᠯᠠᠯᠳᠠ᠂ ᠭᠠᠷ ᠪᠠᠮᠪᠠᠷ ᠳᠠᠮᠵᠢᠭᠤᠯᠬᠤ᠂ ᠭᠠᠯ ᠪᠠᠮᠪᠡᠷ ᠬᠤᠷᠢᠶᠠᠬᠤ ᠵᠡᠷᠭᠡ ᠠᠭᠤᠯᠭ᠎ᠠ ᠪᠠᠷ ᠪᠦᠷᠢᠯᠳᠦᠵᠦ᠂ ᠤᠳᠤᠭ ᠬᠤᠰᠢᠭᠤᠨ ᠤ ᠰᠢᠯᠢᠳᠡᠭ ᠨᠠᠮ ᠤᠨ ᠭᠡᠰᠢᠭᠦᠨ᠂ ᠪᠠᠭᠰᠢ᠂ ᠠᠵᠦ ᠠᠬᠤᠶᠢᠯᠠᠯᠳᠠᠨ᠂ ᠮᠠᠯᠴᠢᠨ ᠳᠠᠷᠢᠶᠠᠴᠢᠨ᠂ ᠦᠨᠳᠦᠰᠦᠨ ᠱᠠᠳᠤᠨ ᠤ ᠺᠠᠳ᠋ᠷ ᠪᠠ ᠵᠠᠮᠳᠡᠭᠴᠤᠳ ᠤᠨ ᠲᠦᠯᠦᠭᠡᠯᠡᠭᠴᠢ ᠵᠡᠷᠭᠡ ᠡᠯ᠎ᠡ ᠠᠵᠢᠯ ᠳᠦᠷᠦᠯ ᠤᠨ 13 ᠭᠠᠯ ᠪᠠᠮᠪᠠᠷᠴᠢᠨ ᠢ ᠪᠠᠭᠳᠠᠭᠠᠭᠰᠠᠨ ᠨᠡᠶᠢᠳᠡ 21 ᠭᠠᠯ ᠪᠠᠮᠪᠠᠷᠴᠢᠨ ᠭᠠᠯ ᠪᠠᠮᠪᠠᠷ ᠳᠠᠮᠵᠢᠭᠤᠯᠵᠠᠢ᠃       ᠭᠠᠯ ᠪᠠᠮᠪᠠᠷ ᠳᠠᠮᠵᠢᠭᠤᠯᠬᠤ ᠵᠠᠮ ᠳᠠᠭᠠᠤ ᠪᠠᠰᠠ ᠳᠤᠰᠬᠠᠶᠢᠯᠠᠨ ᠳᠦᠷᠪᠡᠨ ᠦᠵᠡᠭᠦᠯᠭᠡ ᠶᠢᠨ ᠳᠤᠭᠤᠷᠢᠭ ᠳᠤᠬᠢᠷᠠᠭᠤᠯᠵᠦ᠂ ᠳᠤᠰ ᠳᠤᠰ ᠴᠠᠭᠠᠨ ᠢᠮᠠᠭ᠎ᠠ ᠶᠢᠨ ᠦᠵᠡᠭᠦᠯᠭᠡ᠂ ᠠᠵᠦ ᠦᠢᠯᠡᠳᠪᠤᠷᠢ ᠶᠢᠨ ᠦᠵᠡᠭᠦᠯᠭᠡ᠂ ᠤᠷᠢᠶᠠᠮᠠᠭ ᠵᠠᠮᠠᠭ ᠤᠨ ᠦᠵᠡᠭᠦᠯᠭᠡ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠦᠵᠡᠭᠦᠯᠭᠡ ᠬᠢᠵᠡᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠳᠠᠪᠤᠳᠤᠭᠠᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ ᠪᠤᠯᠤᠨ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠪᠤᠤᠬᠢᠶ᠎ᠠ 7 ᠰᠠᠷ ᠤᠨ 1 ᠤ ᠡᠳᠦᠷ ᠠᠴᠠ 8 ᠰᠠᠷ᠎ᠠ ᠶᠢᠨ 7 ᠤ ᠡᠳᠦᠷ ᠪᠤᠯᠳᠠᠯ᠎ᠠ ᠶᠠᠪᠤᠭᠳᠠᠨ᠎ᠠ᠃ ᠭᠠᠯ ᠤᠨ ᠴᠤᠭ ᠢ ᠦᠪᠡᠷᠳᠡᠭᠡᠨ ᠵᠠᠰᠬᠠᠤ ᠤᠷᠤᠨ ᠤ ᠳᠤᠳᠤᠷᠠᠬᠢ ᠠᠶᠢᠮᠠᠭ ᠬᠤᠳᠠ ᠨᠢᠭᠡᠪᠤᠷᠢ ᠳᠤ ᠨᠢᠭᠡ ᠡᠳᠦᠷ ᠳᠠᠮᠵᠢᠭᠤᠯᠵᠦ᠂ 7 ᠰᠠᠷ᠎ᠠ ᠶᠢᠨ 28 ᠤ ᠡᠳᠦᠷ ᠤᠷᠳᠤᠰ ᠬᠤᠳᠠ ᠳᠤ ᠪᠤᠴᠠᠴᠦ ᠢᠷᠡᠬᠦ ᠪᠦᠭᠡᠳ 7 ᠰᠠᠷ᠎ᠠ ᠶᠢᠨ30 ᠤ ᠡᠳᠦᠷ ᠠᠴᠠ ᠡᠬᠢᠯᠡᠨ ᠤᠷᠳᠤᠰ ᠬᠤᠳᠠ ᠳᠤ 7 ᠡᠳᠦᠷ ᠤᠨ ᠬᠤᠭᠤᠴᠠᠭ᠎ᠠ ᠲᠠᠢ ᠳᠠᠮᠵᠢᠭᠤᠯᠵᠦ᠂ 8 ᠰᠠᠷ᠎ᠠ ᠶᠢᠨ 8 ᠤ ᠤᠷᠤᠢ ᠡᠬᠢᠯᠡᠯᠳᠡ ᠶᠢᠨ ᠶᠤᠰᠤᠯᠠᠯ ᠤᠨ ᠭᠤᠤᠯ ᠬᠤᠷᠠᠯ ᠤᠨ ᠲᠠᠯᠠᠪᠠᠢ ᠳᠤ ᠭᠤᠤᠯ ᠭᠠᠯ ᠪᠠᠮᠪᠠᠷ ᠤᠨ ᠰᠤᠪᠤᠷᠭ᠎ᠠ ᠳᠤ ᠬᠦᠷᠭᠡᠨ᠎ᠡ᠃ 
ᠢᠷᠡᠯᠲᠡ᠄ ᠤᠷᠳᠤᠰ ᠤᠨ ᠡᠳᠤᠷ ᠤᠨ ᠰᠤᠨᠢᠨ