ᠤᠷᠳᠤᠰ ᠤᠨ ᠭᠡᠷᠡᠭᠯᠡᠭᠡᠨ ᠤ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠲᠤᠮᠤ ᠨᠢᠰᠭᠡᠯ ᠤᠨ ᠲᠡᠭᠡᠳᠤ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠲᠡᠭᠦᠰᠭᠦ ᠰᠤᠷᠤᠬᠴᠢᠳ ᠤᠨ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/7/5
     ᠤᠶᠢᠷ᠎ᠠ ᠶᠢᠨ ᠡᠳᠦᠷ᠂ ᠤᠷᠳᠤᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠮᠤ ᠨᠢᠰᠭᠡᠯ ᠤᠨ ᠳᠡᠭᠡᠳᠦ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠲᠡᠭᠦᠰᠭᠦ ᠰᠤᠷᠤᠭᠴᠢᠳ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠭᠡᠯ ᠤᠨ ᠺᠣᠮᠫᠠᠨᠢ ᠶᠢᠨ ᠬᠤᠳᠠᠯᠳᠤᠭᠠᠨ ᠤ ᠨᠢᠰᠭᠡᠯ ᠤᠨ ᠰᠤᠷᠭᠠᠭᠤᠯᠢ ︵ᠬᠤᠳᠠᠯᠳᠤᠭᠠᠨ ᠤ ᠨᠢᠰᠭᠡᠯ ᠤᠨ ᠨᠠᠮ ᠤᠨ ᠰᠤᠷᠭᠠᠭᠤᠯᠢ︶ ᠶᠢᠨ ᠪᠠᠶᠢᠩᠭᠤ ᠶᠢᠨ ᠳᠡᠳ᠋ ᠵᠠᠬᠢᠷᠤᠯ ᠲᠠᠩ ᠶᠠᠨ ᠬᠤᠸᠠ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠪᠠ᠃ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠯᠢ ᠰᠢᠶᠠᠩ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ ᠺᠦᠩ ᠹᠠᠨ ᠹᠸᠢ ᠬᠤᠷᠠᠯ ᠳᠤ ᠣᠷᠣᠯᠴᠠᠵᠠᠶ᠃     ᠳ᠋ᠦ᠋ ᠬᠤᠢ ᠯᠢᠶᠠᠩ ᠲᠤᠮᠤ ᠨᠢᠰᠭᠡᠯ ᠤᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠤᠷᠤᠭᠴᠢᠳ ᠤᠨ ᠠᠮᠵᠢᠯᠲᠠ ᠲᠠᠢ ᠪᠠᠷ ᠰᠤᠷᠤᠯᠭ᠎ᠠ ᠪᠠᠨ ᠲᠡᠭᠦᠰᠭᠡᠭᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ ᠲᠡᠷᠡ ᠣᠳᠣᠬᠠᠨ ᠳᠤ᠂ ᠤᠷᠳᠤᠰ ᠶᠠᠭ ᠰᠠᠶᠢᠬᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠦᠴᠦ ᠪᠠᠨ ᠲᠥᠪᠯᠡᠷᠡᠭᠦᠯᠦ᠋ᠨ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠳᠤᠰ ᠬᠤᠳᠠ ᠶᠢᠨ ᠦᠢᠯᠡᠳᠦᠯᠭᠡ ᠶᠢ ᠲᠦᠷᠭᠡᠳᠭᠡᠨ ᠠᠬᠢᠭᠤᠯᠵᠤ ᠪᠠᠶᠢᠨ᠎ᠠ᠃ ᠲᠤᠮᠤ ᠨᠢᠰᠭᠡᠯ ᠤᠨ ᠳᠡᠭᠡᠳᠦ ᠰᠤᠷᠭᠠᠭᠤᠯᠢ ᠶᠢᠨ ᠬᠢᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡ ᠪᠠᠷ ᠤᠷᠤᠭᠰᠢᠯᠠᠵᠤ᠂ ᠲᠡᠷᠢᠭᠦᠨ ᠤ ᠲᠦᠪᠰᠢᠨ ᠳᠤ ᠭᠦᠷᠭᠦ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠲᠦᠷᠦᠯ ᠤᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠡᠵᠡᠮᠳᠡᠵᠦ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠬᠦ ᠤᠯᠤᠰ ᠤᠨ ᠠᠭᠠᠷ ᠤᠨ ᠠᠶᠠᠯᠠᠯ ᠤᠨ ᠲᠤᠰᠬᠠᠢ ᠮᠡᠷᠭᠡᠵᠢᠯ ᠤᠨ ᠬᠦᠷᠢᠶ᠎ᠠ ᠴᠠᠷᠠᠭᠠᠨ ᠤ ᠤᠨᠴᠠᠯᠢᠬᠳᠤ ᠭᠢᠴᠢᠶᠠᠯ ᠲᠦᠷᠦᠯ᠂ ᠪᠦᠬᠦ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠪᠠᠭᠤᠯᠢᠭ ᠭᠢᠴᠢᠶᠠᠯ ᠲᠦᠷᠦᠯ ᠢ ᠲᠦᠷᠭᠡᠨ ᠨᠡᠭᠡᠭᠡᠬᠦ ᠶᠢ ᠬᠦᠰᠡᠵᠦ ᠪᠠᠶᠢᠨ᠎ᠠ᠃ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠨᠢ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠬᠢᠷᠢ ᠲᠡᠩᠴᠡᠭᠰᠡᠨ ᠢ ᠦᠨᠡᠯᠡᠨ ᠵᠢᠱᠢᠬᠦ ᠪᠠᠷ ᠠᠵᠠ ᠲᠣᠬᠢᠶᠠᠯ ᠪᠣᠯᠭᠠᠵᠤ᠂ ᠳᠤᠲᠠᠭᠤᠳᠠᠯ ᠢ ᠪᠠᠶᠢᠴᠠᠭᠠᠨ᠂ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠶᠡᠷᠦᠩᠬᠡᠶᠢᠯᠡᠭᠰᠡᠨ ᠰᠤᠷᠭᠠᠭᠤᠯᠢ ᠡᠷᠭᠢᠯᠡᠬᠦ ᠴᠢᠨᠠᠷᠵᠢᠯ ᠢ ᠪᠥᠬᠦ ᠲᠠᠯ᠎ᠠ ᠪᠠᠷ ᠲᠡᠬᠡᠭᠰᠢᠯᠡᠬᠦᠯᠦᠨ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠯᠦᠭᠡ ᠵᠣᠬᠢᠴᠠᠯᠳᠤᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠬᠳᠠᠯᠴᠠᠭ᠎ᠠ ᠶᠢ ᠲᠦᠷᠭᠡᠳᠭᠡᠨ ᠪᠠᠶᠢᠭᠤᠯᠬᠤ ᠬᠡᠷᠡᠭᠲᠡᠶ ᠭᠡᠪᠡ᠃    ᠳ᠋ᠦ᠋ ᠬᠤᠢ ᠯᠢᠶᠠᠩ ᠰᠤᠷᠤᠭᠴᠢᠳ ᠲᠤ ᠬᠦᠰᠡᠯ ᠨᠠᠶᠢᠳᠠᠯᠭ᠎ᠠ ᠲᠠᠯᠪᠢᠵᠤ᠂ ᠠᠯᠤᠰ ᠬᠡᠲᠦ ᠶᠢᠨ ᠵᠣᠷᠢᠭ ᠰᠠᠨᠠᠭ᠎ᠠ ᠲᠠᠢ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ  ᠮᠠᠶ᠋ᠢᠭ ᠤᠨ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠡᠬᠡ ᠣᠷᠣᠨ ᠤ ᠪᠠᠨ ᠲᠦᠯᠦᠬᠡ ᠵᠢᠳᠬᠦᠳᠡᠭ ᠵᠣᠷᠢᠭ ᠰᠢᠭᠤᠷᠬᠠᠢ ᠲᠡᠮᠡᠴᠡᠭᠴᠢ᠂ ᠵᠣᠷᠢᠭᠲᠠᠶ ᠪᠠᠷ ᠰᠢᠨ᠎ᠡ ᠶᠢ ᠡᠬᠦᠳᠦᠳᠡᠭ ᠡᠬᠦᠳᠦᠨ ᠪᠦᠳᠦᠭᠡᠭᠴᠢ᠂ ᠨᠠᠰᠤᠨ ᠲᠤᠷᠰᠢᠳᠠ ᠰᠤᠷᠤᠯᠴᠠᠳᠠᠭ ᠪᠣᠳᠠᠲᠠᠶ ᠠᠵᠢᠯᠯᠠᠭᠴᠢ᠂ ᠪᠠᠳᠤ ᠵᠣᠭᠰᠣᠯᠲᠠ ᠲᠠᠢ  ᠦᠢᠯᠡᠳᠦᠯᠬᠡᠵᠢᠬᠦᠯᠦᠭᠴᠢ ᠪᠣᠯᠵᠣ᠂ ᠳᠤᠮᠳᠠᠳᠤ ᠶᠢᠨ ᠭᠦᠰᠡᠯ ᠵᠡᠭᠦᠳᠦ ᠶᠢ ᠪᠡᠶᠡᠯᠡᠭᠦᠯᠬᠦ ᠠᠭᠤᠣ ᠶᠡᠭᠡ ᠦᠢᠯᠡᠳᠦᠯᠬᠡ ᠳᠤᠮᠳᠠ ᠬᠤᠪᠢ ᠬᠥᠮᠦᠨ ᠤ ᠦᠨ᠎ᠡ ᠥᠷᠲᠡᠭ ᠢᠶᠠᠨ ᠢᠯᠡᠷᠡᠭᠦᠯᠬᠦ ᠬᠡᠷᠡᠭᠲᠡᠶ ᠭᠡᠵᠡᠶ᠃     ᠬᠤᠷᠠᠯ ᠳᠡᠭᠡᠷ᠎ᠡ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠭᠡᠯ ᠤᠨ ᠺᠣᠮᠫᠠᠨᠢ ᠶᠢᠨ ᠲᠥᠯᠥ᠋ᠭᠡᠯᠡᠭᠴᠢ ᠭᠤᠣ ᠹᠸᠡᠭ᠂ ᠲᠣᠮᠣ ᠨᠢᠰᠭᠡᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠯᠥ᠋ᠭᠡᠯᠡᠭᠴᠢ ᠰᠢᠤᠢ ᠬᠤᠩ ᠵᠧ᠂ ᠲᠡᠭᠦᠰᠭᠦ ᠰᠣᠷᠣᠭᠴᠢᠳ ᠤᠨ ᠲᠦᠯᠦᠬᠡᠯᠡᠭᠴᠢ ᠯᠢᠦ ᠶᠠᠩ᠂ ᠺᠦᠩ ᠬᠤᠶ ᠶᠢᠩ᠂ ᠫᠠᠩ ᠶᠦᠩ ᠴᠢ ᠲᠣᠰ ᠲᠣᠰ ᠦᠭᠡ ᠬᠡᠯᠡᠪᠡ᠃  
ᠢᠷᠡᠯᠲᠡ᠄ ᠤᠷᠳᠤᠰ ᠤᠨ ᠡᠳᠤᠷ ᠤᠨ ᠰᠤᠨᠢᠨ