︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠷᠤᠮᠵᠢᠯᠠᠯ ᠢ ᠶᠡᠷᠦᠩᠬᠡᠶᠢᠯᠡᠨ ᠵᠠᠰᠠᠬᠤ ᠲᠥᠰᠥᠯ︾ ᠢ ᠳᠠᠷᠤᠮᠠᠯᠯᠠᠨ ᠳᠠᠷᠬᠠᠭᠠᠵᠠᠢ
ᠨᠡᠶᠢᠲᠡᠯᠡᠭᠰᠡᠨ ᠴᠠᠭ᠄
2023/7/6
      ᠰᠤᠷᠭᠠᠭᠤᠯᠢ ᠶᠢᠨ ᠬᠦᠷᠢᠶ᠎ᠡ ᠶᠢ ᠬᠠᠮᠤᠭ ᠤᠨ ᠠᠮᠤᠷ ᠲᠦᠪᠰᠢᠨ ᠭᠠᠵᠠᠷ ᠪᠣᠯᠭᠠᠨ ᠪᠠᠶᠢᠭᠤᠯᠵᠤ ᠠᠷᠠᠳ ᠲᠤ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ  ᠲᠦᠯᠦᠬᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠵᠡᠷᠭᠡ ᠠᠷᠪᠠᠨ ᠨᠢᠭᠡᠨ ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠷᠤᠮᠵᠢᠯᠠᠯ ᠢ ᠶᠡᠷᠦᠩᠬᠡᠶᠢᠯᠡᠨ ᠵᠠᠰᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠲᠥᠰᠥᠯ︾ ᠳᠤ᠂ ᠰᠣᠷᠣᠭᠴᠢᠳ ᠤᠨ ᠲᠤᠷᠤᠮᠵᠢᠯᠠᠯ ᠤᠨ ᠵᠠᠭᠠᠭ ᠬᠢᠵᠠᠭᠠᠷ ᠢ ᠲᠣᠳᠣᠷᠬᠠᠢ ᠲᠣᠭᠲᠠᠭᠠᠵᠤ᠂ ︽ᠰᠤᠷᠭᠠᠨ ᠬᠥᠮᠥᠵᠢᠭᠦᠯᠬᠦ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠪᠠᠷ ᠦᠨᠳᠦᠰᠦ ᠪᠣᠯᠭᠠᠬᠤ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠬᠤ︾ ᠵᠠᠷᠴᠢᠮ ᠢ ᠪᠠᠷᠢᠮᠲᠠᠯᠠᠨ᠂ ᠭᠤᠷᠪᠠᠨ ᠵᠦᠢᠯ ᠤᠨ ᠰᠶᠢᠳᠪᠦᠷᠢᠯᠡᠬᠦ ᠬᠡᠯᠪᠡᠷᠢ᠂ ᠳᠥᠷᠪᠡᠨ ᠵᠦᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠣᠭᠲᠠᠭᠠᠵᠤ᠂ ᠳᠣᠷᠣᠮᠵᠢᠯᠠᠯ ᠤᠨ ᠬᠡᠷᠡᠭ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠬᠠᠤᠯᠢ ᠲᠣᠭᠲᠠᠭᠠᠯ ᠶᠣᠰᠣᠭᠠᠷ ᠤᠷᠢᠳᠴᠢᠯᠠᠨ ᠰᠡᠷᠭᠡᠶᠢᠯᠡᠬᠦ ᠪᠠ ᠰᠶᠢᠳᠪᠦᠷᠢᠯᠡᠬᠦ ᠬᠡᠷᠡᠭᠳᠡᠢ᠃ ᠠᠷᠪᠠᠨ ᠨᠢᠭᠡᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠵᠢᠷᠤᠮᠯᠠᠨ᠂ ᠢᠳᠡᠪᠬᠢᠲᠡᠢ ᠪᠠᠷ ᠬᠠᠶᠢᠨ ᠰᠦᠪᠡᠭᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ᠂ ᠬᠠᠷᠢᠯᠴᠠᠨ ᠬᠠᠮᠵᠢᠯᠴᠠᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠰᠤᠷᠤᠭᠴᠢᠳ ᠤᠨ ᠲᠤᠷᠤᠮᠵᠢᠯᠠᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷᠢᠭᠤᠴᠠᠯᠭᠠᠲᠠᠨ ᠪᠠ ᠪᠣᠳᠠᠲᠠᠢ ᠬᠠᠷᠢᠯᠴᠠᠬᠤ ᠬᠥᠮᠥᠨ ᠢ ᠲᠣᠳᠣᠷᠬᠠᠶᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ᠂ ᠲᠣᠭᠲᠠᠪᠤᠷᠢᠲᠤ ᠴᠢᠨᠠᠷ ᠪᠠ ᠬᠢᠵᠠᠭᠠᠷᠯᠠᠬᠤ ᠬᠦᠴᠦᠨ ᠲᠠᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠪᠠ ᠵᠣᠬᠢᠴᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠵᠦᠢᠯ ᠤᠨ ᠵᠠᠰᠠᠯᠳᠠ ᠶᠢᠨ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃      ︽ᠲᠥᠰᠥᠯ︾ ᠳᠤ᠂ ᠪᠠᠰᠠ ᠰᠤᠷᠤᠭᠴᠢᠳ ᠤᠨ ᠲᠤᠷᠤᠮᠵᠢᠯᠠᠯ ᠢ ᠰᠡᠷᠭᠡᠶᠢᠯᠡᠬᠦ ᠠᠵᠢᠯ ᠢ ᠰᠢᠯᠭᠠᠨ ᠦᠨᠡᠯᠡᠬᠦ ᠪᠠ ᠲᠤᠰᠬᠠᠢ ᠱᠠᠯᠠᠪᠳᠠᠭᠤᠯᠤᠨ ᠵᠢᠯᠤᠭᠤᠳᠬᠤ ᠠᠭᠤᠯᠭ᠎ᠠ ᠳᠤ ᠣᠷᠣᠭᠤᠯᠵᠤ᠂ ᠱᠠᠯᠠᠪᠳᠠᠭᠤᠯᠤᠨ ᠵᠢᠯᠣᠭᠤᠳᠤᠭᠰᠠᠨ ᠦᠷ᠎ᠡ ᠳ᠋ᠦᠩ ᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠫᠠᠶᠢᠰᠠ ᠡᠯᠭᠦᠨ ᠱᠠᠯᠠᠪᠳᠠᠭᠤᠯᠤᠨ ᠰᠶᠢᠳᠪᠦᠷᠢᠯᠡᠭᠦᠯᠬᠦ᠂ ᠨᠢᠭᠡ ᠪᠢᠯᠧᠲ ᠢᠶᠠᠷ ᠦᠬᠡᠶᠢᠰᠬᠡᠬᠦ ᠳᠦᠷᠢᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠲᠤᠷᠤᠮᠵᠢᠯᠠᠯ ᠢ ᠰᠡᠷᠭᠡᠶᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠪᠤᠯᠤᠨ᠎ᠠ᠃    
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ