ᠴᠢᠬᠤᠯᠠ ᠮᠡᠳᠡᠭᠡ︕ ᠥᠪᠥᠷ ᠮᠣᠩᠭᠤᠯ ᠳᠤ ᠡᠪᠡᠳᠴᠢᠨ ᠦᠵᠡᠭᠦᠯᠬᠦ ᠳᠤ ᠶᠡᠭᠡ ᠬᠤᠪᠢᠷᠠᠯᠲᠠ ᠲᠠᠢ ᠪᠤᠯᠪᠠ︕
ᠨᠡᠶᠢᠲᠡᠯᠡᠭᠰᠡᠨ ᠴᠠᠭ᠄
2023/7/6
         ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ ᠵᠥᠪᠯᠡᠯ ᠤᠨ ᠬᠢᠨ  ︽ᠥᠪᠥᠷ  ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ  ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ ︵2023 —2025 ᠣᠨ︶︾ ᠢ ᠲᠣᠭᠲᠠᠭᠠᠨ  ᠨᠡᠶᠢᠲᠡᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠶ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ᠂ ᠰᠢᠶᠠᠨ ᠤ  ᠬᠡᠪᠴᠢᠶᠡᠨ ᠤ  ᠨᠢᠭᠲᠠᠷᠠᠭᠰᠠᠨ  ᠡᠮᠴᠢᠯᠡᠭᠡᠨ ᠤ  ᠬᠠᠮᠲᠤ ᠶᠢᠨ  ᠴᠣᠭᠴᠠ ᠶᠢ ᠪᠠᠶᠢᠭᠤᠯᠬᠤ ᠪᠠ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠬᠤ ᠪᠠᠷ  ᠲᠤᠳᠤᠷᠬᠠᠢ ᠲᠤᠬᠳᠠᠭᠠᠪᠠ᠂ ᠡᠬᠦᠨ ᠢ ︽ᠳᠥᠷᠪᠡᠨ ᠶᠡᠭᠡ ᠪᠣᠭᠤᠮᠲᠠ ᠰᠢᠪᠲᠤᠯᠬᠤ ᠠᠵᠢᠯᠯᠠᠭ᠎ᠠ︾ ᠭᠡᠵᠦ ᠲᠤᠪᠴᠢᠯᠠᠨ ᠨᠡᠷᠡᠶᠢᠳᠪᠡ᠃ ︽ᠳᠥᠷᠪᠡᠨ ᠶᠡᠭᠡ ᠪᠣᠭᠤᠮᠲᠠ ᠰᠢᠪᠲᠤᠯᠬᠤ ᠠᠵᠢᠯᠯᠠᠭ᠎ᠠ︾ ᠪᠣᠯ᠄       ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ  ᠬᠠᠮᠢᠶᠠᠷᠤᠯᠲᠠ  ᠶᠢᠨ  ᠭᠤᠷᠪᠠᠨ  ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠬᠤ ᠲᠠᠯ᠎ᠠ       ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠬᠤ ᠲᠠᠯ᠎ᠠ       ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢ  ᠪᠠᠶᠢᠭᠤᠯᠬᠤ ᠭᠤᠷᠪᠠᠨ ᠵᠢᠯ ‍ᠤᠨ‌‍ᠰᠢᠪᠲᠤᠯᠤᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠬᠤ ᠲᠠᠯ᠎ᠠ       ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ  ᠠᠵᠢᠯᠯᠠᠭ᠎ᠠ ᠶᠢ  ᠪᠥᠬᠦ ᠲᠠᠯ᠎ᠠ ᠪᠠᠷ ᠠᠬᠢᠭᠤᠯᠬᠤ ᠠᠭᠤᠯᠭ᠎ᠠ ᠪᠤᠢ᠃      
ᠢᠷᠡᠯᠲᠡ᠄ ᠠᠷᠠᠳ ᠤᠨ ᠰᠥᠯᠵᠢᠶ᠎ᠠ