ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠥᠷᠪᠡᠳ ᠬᠤᠰᠢᠭᠤᠨ ᠳᠠᠬᠢ ᠬᠤᠪᠢᠶᠠᠷᠢ  ᠲᠠᠯᠠᠪᠠᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/7
      7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠥᠷᠪᠡᠳ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠳᠥᠷᠪᠡᠳ ᠬᠤᠰᠢᠭᠤᠨ ᠤ ᠭᠡᠭᠡᠨᠲᠠᠯ᠎ᠠ ᠵᠤᠭᠠᠴᠠᠯ ᠤᠨ ᠣᠷᠣᠨ ᠳᠤ ᠬᠥᠭᠵᠢᠶᠡᠨᠲᠡᠢ ᠡᠬᠢᠯᠡᠵᠦ᠂ ᠪᠥᠬᠦ ᠣᠷᠣᠨ ᠤ 10 ᠠᠶᠢᠮᠠᠭ ᠬᠤᠲᠠ ᠶᠢᠨ 31 ᠲᠦᠯᠦᠭᠡᠯᠡᠭᠴᠢᠳ ᠤᠨ ᠠᠩᠭᠢ ᠶᠢᠨ 387 ᠲᠠᠮᠢᠷᠴᠢᠨ᠂ 109 ᠳᠠᠰᠬᠠᠯᠵᠢᠭᠤᠯᠤᠭᠴᠢ ᠪᠠ ᠬᠢᠨᠠᠭᠴᠢ ᠡᠬᠢᠯᠡᠯᠲᠡ ᠶᠢᠨ ᠶᠤᠰᠤᠯᠠᠯ ᠳᠤ ᠣᠷᠤᠯᠴᠠᠯ᠎ᠠ᠃      ᠦᠷᠯᠦᠭᠡ ᠶᠢᠨ 8 ᠴᠠᠭ 30 ᠮᠢᠨᠦ᠋ᠲ ᠲᠤ᠂ ᠡᠭᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠵᠦ᠂ ᠲᠤᠭ ᠮᠠᠨᠳᠤᠭᠤᠯᠬᠤ ᠶᠣᠰᠣᠯᠠᠯ᠂ ᠳᠠᠭᠤᠤ ᠪᠥᠵᠢᠭ᠂ ᠤᠷᠠᠨ ᠰᠠᠶᠢᠬᠠᠨ ᠤ ᠲᠤᠬᠯᠠᠯᠲᠠ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠵᠤ᠂ ᠳᠡᠯᠭᠡᠷ ᠵᠤᠨ ᠤ ᠳᠤᠯᠤᠭᠠᠨ ᠰᠠᠷ᠎ᠠ ᠪᠠᠷ᠂ ᠲᠠᠯ᠎ᠠ ᠨᠤᠲᠤᠭ ᠤᠨ ᠲᠠᠩᠰᠤᠭ ᠨᠠᠭᠠᠳᠤᠮ ᠢ ᠬᠤᠷᠠᠭᠰᠠᠨ ᠤᠯᠠᠨ ᠳᠤ ᠬᠠᠷᠠᠭᠤᠯᠵᠦ᠂ ᠦᠵᠡᠭᠴᠢᠳ ᠣᠯᠠᠨ ᠤ ᠬᠠᠷᠠᠭ᠎ᠠ ᠰᠣᠨᠤᠷ ᠢ ᠪᠠᠶᠠᠰᠬᠠᠯ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠪᠠᠷ ᠭᠤᠣᠯ ᠰᠢᠵᠢᠮ ᠪᠤᠯᠭᠠᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠶᠢᠳᠠᠪᠤᠷᠢᠵᠢᠭᠤᠯᠵᠤ᠂ ︽ᠦᠵᠡᠰᠭᠦᠯᠡᠩᠲᠦ ᠰᠠᠶᠢᠬᠠᠨ ᠥᠨᠢᠷ ᠪᠠᠶᠠᠯᠢᠭ ᠤᠯᠠᠭᠠᠨᠴᠠᠪ ᠡᠶ᠎ᠡ ᠵᠣᠬᠢᠴᠠᠯᠳᠤ ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠣᠯ ᠰᠡᠳᠦᠪ ᠪᠣᠯᠭᠠᠬᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ ᠮᠣᠷᠢ ᠣᠷᠤᠯᠳᠤᠬᠤ᠂ ᠲᠡᠮᠡᠭᠡ ᠣᠷᠤᠯᠳᠤᠬᠤ᠂ ᠡᠷ᠎ᠡ ᠶᠢᠨ ᠭᠤᠷᠪᠠᠨ ᠨᠠᠭᠠᠳᠤᠮ᠂ ᠵᠢᠷᠤᠭ᠎ᠠ ᠮᠣᠷᠢᠨ ᠤ ᠣᠷᠤᠯᠳᠤᠭᠠᠨ ᠪᠠ ᠲᠡᠮᠡᠭᠡᠨ ᠪᠥᠮᠪᠦᠭᠡ ᠶᠢᠨ ᠲᠤᠬᠯᠠᠯᠲᠠ ᠵᠡᠷᠭᠡ ᠶᠢ ᠲᠣᠬᠢᠷᠠᠭᠤᠯᠵᠤ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠬᠳᠠᠵᠤ᠂ ᠣᠷᠳᠣᠰ ᠬᠤᠲᠠ ᠠᠴᠠ ᠮᠣᠷᠢ ᠤᠷᠤᠯᠳᠤᠬᠤ᠂ ᠲᠡᠮᠡᠭᠡ ᠤᠷᠤᠯᠳᠤᠬᠤ ᠪᠠ ᠡᠷ᠎ᠡ ᠶᠢᠨ ᠭᠤᠷᠪᠠᠨ ᠨᠠᠭᠠᠳᠤᠮ ᠵᠡᠷᠭᠡ ᠲᠦᠷᠦᠯ ᠵᠦᠢᠯ ᠳᠤ ᠨᠡᠶᠢᠲᠡ 35 ᠲᠠᠮᠢᠷᠴᠢᠨ ᠤᠷᠤᠯᠴᠠᠬᠰᠡᠨ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ