︽ᠪᠤᠷᠤ ᠲᠤᠬᠤᠢ ᠶᠢᠨ ᠬᠦᠮᠦᠨ︾ ᠤ ᠨᠡᠭᠡᠭᠡᠭᠰᠡᠨ ᠶᠢᠷᠳᠢᠨᠴᠦ
ᠨᠡᠶᠢᠲᠡᠯᠡᠭᠰᠡᠨ ᠴᠠᠭ᠄
2023/8/16
                               ︽ᠪᠤᠷᠤ ᠲᠤᠬᠤᠢ ᠶᠢᠨ ᠬᠦᠮᠦᠨ︾ ᠢ ᠢᠯᠡᠷᠡᠭᠦᠯᠦᠭᠰᠡᠨ ᠤ 100 ᠵᠢᠯ ᠤᠨ ᠤᠢ ᠪᠤᠯᠬᠤ ᠲᠠᠰᠢᠷᠠᠮ ᠢᠶᠠᠷ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠪᠤᠯᠤᠨ ᠤᠷᠳᠤᠰ ᠬᠤᠳᠠ ᠶᠢᠨ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ︽ᠪᠤᠷᠤ ᠲᠤᠬᠤᠢ ᠶᠢᠨ ᠬᠦᠮᠦᠨ︾ ᠲᠠᠢ ᠤᠴᠠᠷᠠᠬᠰᠠᠨ ᠨᠢ ᠭᠡᠰᠡᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃      ︽ᠪᠤᠷᠤ ᠲᠤᠬᠤᠢ ᠶᠢᠨ ᠬᠦᠮᠦᠨ︾ ᠤ ᠨᠡᠭᠡᠭᠡᠭᠰᠡᠨ ᠶᠢᠷᠳᠢᠨᠴᠦ ᠭᠡᠰᠡᠨ ᠡᠨᠡᠬᠦ ᠸᠢᠳᠢᠣ᠋ ᠪᠢᠴᠢᠯᠬᠡ ᠳᠤ᠂ ᠦᠪᠦᠷ ᠮᠤᠩᠭᠤᠯ ᠤᠨ ᠤᠷᠳᠤᠰ ᠬᠤᠳᠠ ᠶᠢᠨ ᠰᠢᠷᠬᠤᠰᠤᠨ ᠪᠠᠭᠤᠷᠢ ᠶᠢᠨ ᠬᠠᠭᠤᠴᠢ ᠰᠤᠳᠤᠯᠤᠯ ᠤᠨ ᠠᠵᠢᠯ ᠬᠦᠨᠵᠡᠭᠡᠶᠢᠷᠡᠬᠦ ᠶᠢ ᠲᠠᠭᠠᠯᠳᠤᠨ᠂ ᠤᠷᠳᠤᠰ ᠬᠤᠳᠠ ᠶᠢᠨ ᠬᠢᠨ ᠰᠤᠶᠤᠯ ᠪᠠ ᠬᠠᠭᠤᠴᠢ ᠰᠤᠳᠤᠯᠤᠯ ᠤᠨ ᠡᠷᠳᠡᠮ ᠰᠢᠨᠵᠢᠯᠡᠬᠡᠨ ᠤ ᠦᠷ᠎ᠡ ᠪᠦᠳᠦᠭᠡᠯ ᠢ ᠡᠭᠦᠳᠦᠯᠳᠡ ᠰᠢᠨᠡᠴᠢᠯᠡᠯᠳᠡ ᠲᠠᠢ ᠪᠠᠷ ᠬᠤᠪᠢᠷᠠᠭᠤᠯᠤᠨ ᠭᠦᠭᠵᠢᠭᠦᠯᠵᠦ᠂ ᠤᠷᠤᠨ ᠨᠤᠳᠤᠭ ᠤᠨ ᠰᠤᠶᠤᠯ ᠤᠨ ᠠᠶᠠᠯᠠᠯ ᠵᠢᠭᠤᠯᠴᠢᠯᠠᠯ ᠤᠨ ᠦᠢᠯᠡᠰ ᠢ ᠪᠦᠭᠦ ᠲᠠᠯ᠎ᠠ ᠪᠠᠷ ᠴᠢᠨᠠᠷ ᠰᠠᠶᠢᠳᠠᠢ ᠠᠬᠢᠭᠤᠯᠵᠦ ᠪᠠᠶᠢᠭ᠎ᠠ ᠪᠠᠶᠢᠳᠠᠯ ᠢ ᠬᠠᠷᠠᠭᠤᠯᠤᠬᠰᠠᠨ ᠪᠠᠶᠢᠨ᠎ᠠ᠃

8.16.2.jpg

   

 

ᠢᠷᠡᠯᠲᠡ᠄ ᠤᠷᠳᠤᠰ ᠮᠤᠩᠭᠤᠯ ᠰᠦᠯᠵᠢᠶ᠎ᠡ