| ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 17 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 8 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ | ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠬᠤᠷᠠᠯ ᠠᠴᠠ ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢ ︾ ᠪᠣᠯ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠤᠯᠤᠰ ᠤᠨ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠠᠩᠭᠢ ᠡᠮᠦᠨ᠎ᠡ ᠨᠢ ᠭᠠᠪᠰᠢᠭᠠᠶᠢᠯᠠᠵᠤ ᠂ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠᠴᠢᠮ ᠲᠤᠰᠠᠯᠠᠵᠤ ᠂ ᠲᠥᠪ ᠤᠨ | ᠠᠵᠤ ᠠᠬᠤᠶᠢᠯᠠᠯ ᠪᠣᠯᠣᠨ ᠨᠡᠶᠢᠭᠡᠮ ᠤᠨ ᠬᠦᠴᠦᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠥᠷᠭᠡᠨ ᠤᠯᠠᠨ ᠠᠷᠠᠳ ᠲᠦᠮᠡᠨ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠥ ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ | ᠱᠤᠭᠤᠮ ᠢ ᠬᠠᠮᠲᠤ ᠪᠠᠷ ᠪᠠᠶᠢᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠡᠮᠡᠴᠡᠯ ᠴᠢᠬᠤᠯᠠ ᠶᠡᠭᠡ ᠱᠠᠲᠤᠴᠢ ᠴᠢᠨᠠᠷᠲᠠᠢ | ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠣᠳᠣᠬᠠᠨ ᠳᠤ ᠮᠠᠨ ᠤ ᠤᠯᠤᠰ ᠮᠥᠨ ᠬᠦ ᠭᠤᠣᠯ ᠦᠶᠡᠷ ᠤᠨ ᠬᠤᠭᠤᠴᠠᠭᠠᠨ ᠳᠤ ᠣᠷᠣᠰᠢᠵᠤ ᠂ ᠪᠦᠭᠦ ᠤᠯᠤᠰ ᠤᠨ ᠣᠯᠠᠨ ᠭᠠᠵᠠᠷ ᠲᠤ | ᠰᠢᠷᠦᠭᠦᠨ ᠪᠣᠷᠣᠭᠠᠨ ᠂ ᠦᠶᠡᠷ ᠤᠰᠤᠲᠤᠯ ᠂ ᠲᠠᠶᠢᠹᠧᠩ ᠰᠠᠯᠬᠢ ᠵᠡᠷᠭᠡ ᠭᠠᠮᠰᠢᠭ ᠮᠥᠨ ᠬᠦ ᠣᠯᠠᠨ ᠡᠭᠦᠰᠴᠦ ᠂ ᠵᠠᠷᠢᠮ ᠰᠠᠪᠠ ᠭᠠᠵᠠᠷ ᠲᠤ ᠮᠥᠨ ᠬᠦ ᠦᠶᠡᠷ | ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ ᠂ ᠤᠮᠠᠷᠠᠲᠤ ᠣᠷᠣᠨ ᠂ ᠵᠡᠭᠦᠨ ᠬᠤᠶᠢᠲᠤ ᠶᠢᠨ ᠬᠡᠰᠡᠭ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ | ᠤᠰᠤᠨ ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ ᠳᠤ ᠬᠦᠷᠴᠦ ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠥᠨᠳᠥᠷ ᠪᠠᠶᠢᠵᠤ ᠂ ᠮᠥᠨ ᠬᠦ | ᠥᠴᠥᠬᠡᠨ ᠴᠦ ᠰᠤᠯᠠᠷᠠᠭᠤᠯᠵᠤ ᠪᠤᠯᠬᠤ ᠦᠭᠡᠢ ᠪᠠᠶᠢᠨ᠎ᠠ᠃ ᠣᠨᠴᠠ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠪᠥᠭᠡᠳ ᠬᠡᠴᠡᠭᠦᠳᠡᠵᠦ | ᠪᠠᠶᠢᠭ᠎ᠠ ᠳᠤ ᠮᠥᠨ ᠬᠦ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠶᠢᠨ | ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠂ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠵᠤ ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ | ᠭᠠᠮᠰᠢᠭ ᠢ ᠤᠷᠢᠳᠴᠢᠯᠠᠨ ᠮᠡᠳᠡᠭᠡᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ ᠂ ᠭᠠᠮᠰᠢᠭ ᠤᠨ ᠡᠮᠦᠨᠡᠬᠢ ᠤᠷᠢᠳᠴᠢᠯᠠᠨ | ᠰᠡᠷᠡᠮᠵᠢᠯᠡᠭᠦᠯᠭᠦ ᠶᠢ ᠲᠣᠪᠤᠶᠢᠯᠭᠠᠨ ᠂ ᠴᠡᠭ ᠴᠡᠭ ᠢᠶᠠᠷ ᠬᠠᠷᠠᠭᠠᠯᠵᠠᠭᠤᠯᠤᠨ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ ᠳᠤᠨᠢ ᠰᠢᠨᠡᠳᠬᠡᠬᠦ ᠶᠢ | ᠰᠠᠶᠢᠲᠤᠷ ᠬᠢᠵᠦ ᠂ ᠤᠷᠢᠳᠴᠢᠯᠠᠨ ᠰᠡᠷᠡᠮᠵᠢᠯᠡᠭᠦᠯᠭᠦ ᠶᠢᠨ ᠴᠢᠭᠯᠡᠯᠲᠦ ᠴᠢᠨᠠᠷ ᠢ ᠴᠢᠩᠭᠠᠷᠠᠭᠤᠯᠤᠨ ᠂ ᠭᠠᠮᠰᠢᠭ ᠤᠨ ᠰᠡᠷᠡᠮᠵᠢᠯᠡᠭᠦᠯᠤᠯ ᠤᠨ ︽ᠳᠠᠭᠤᠳᠠᠬᠤ ᠬᠠᠷᠢᠭᠤ | ᠥᠭᠬᠦ ︾ ᠶᠢ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠤᠷᠢᠳᠴᠢᠯᠠᠨ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ | ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠰᠡᠷᠭᠡᠶᠢᠯᠡᠯᠲᠡ ᠶᠢᠨ ᠭᠤᠣᠯᠳᠠᠯᠭ᠎ᠠ ᠶᠢ | ᠳᠣᠪᠤᠶᠢᠯᠭᠠᠵᠤ ᠂ ᠰᠠᠪᠠ ᠭᠠᠵᠠᠷ ᠤᠨ ᠴᠢᠨᠠᠷᠲᠠᠢ ᠶᠡᠭᠡ ᠦᠶᠡᠷ ᠪᠣᠯ ᠦᠶᠡᠷ ᠢ ᠰᠡᠷᠭᠡᠶᠢᠯᠡᠬᠦ ᠠᠵᠢᠯ ᠤᠨ ᠢᠮᠠᠭᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠣᠨ᠎ᠠ ᠂ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠲᠣᠬᠢᠷᠠᠭᠤᠯᠬᠤ ᠠᠵᠢᠯ ᠢ ᠰᠠᠶᠢᠲᠤᠷ ᠲᠥᠯᠥᠪᠵᠢᠭᠦᠯᠵᠦ ᠂ ᠰᠠᠶᠢᠲᠤᠷ | ᠨᠠᠶᠢᠳᠠᠪᠤᠷᠢᠵᠢᠭᠤᠯᠵᠤ ᠂ ᠪᠡᠯᠡᠳᠬᠡᠯ ᠲᠥᠰᠥᠯ ᠂ ᠡᠩᠨᠡᠭᠡ ᠂ ᠡᠳ᠋ ᠪᠣᠳᠠᠰ ᠪᠣᠯᠣᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠨ ᠬᠡᠷᠡᠭᠯᠡᠬᠦ ᠪᠡᠯᠡᠳᠬᠡᠯ ᠢ | ᠪᠦᠭᠦ ᠲᠠᠯ᠎ᠠ ᠪᠠᠷ ᠰᠠᠶᠢᠲᠤᠷ ᠬᠢᠵᠦ ᠂ ᠶᠡᠭᠡ ᠭᠤᠣᠯ ᠮᠥᠷᠡᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠭᠡᠷᠡᠭᠲᠡᠶ ︔ ᠳᠤᠮᠳᠠ ᠪᠠᠭ᠎ᠠ ᠭᠤᠣᠯ | ᠮᠥᠷᠡᠨ ᠤ ᠦᠶᠡᠷ ᠂ ᠳᠤᠮᠳᠠ ᠪᠠᠭ᠎ᠠ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ ᠂ | ᠬᠤᠳᠠ ᠬᠥᠳᠡᠭᠡ ᠶᠢᠨ ᠤᠰᠤᠲᠤᠯ ᠵᠡᠷᠭᠡ ᠪᠠᠭᠤᠷᠠᠢ ᠭᠤᠭᠴᠤᠭ᠎ᠠ ᠶᠢᠨ ᠦᠶᠡᠷ ᠢ ᠰᠡᠷᠭᠡᠶᠢᠯᠡᠵᠦ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠭᠠᠮᠰᠢᠭ ᠪᠤᠯᠬᠤ ᠠᠴᠠ ᠨᠢ ᠡᠮᠦᠨ᠎ᠡ ᠠᠷᠢᠯᠭᠠᠬᠤ ᠭᠡᠷᠡᠭᠲᠡᠢ ︔ ᠦᠶᠡᠷ ᠢ | ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠭᠠᠩ ᠬᠠᠭᠰᠠᠷᠠᠭᠠᠨ ᠤᠰᠤᠲᠤᠯ ᠵᠡᠷᠭᠡ ᠪᠠᠷ | ᠡᠭᠦᠰᠬᠦ ᠂ ᠭᠠᠩ ᠬᠠᠭᠰᠠᠷᠠᠭᠠᠨ ᠤᠰᠤᠲᠤᠯ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠷᠡᠰ ᠰᠢᠭᠤᠷᠬᠠᠢ ᠪᠠᠷ ᠰᠢᠯᠵᠢᠭᠦᠯᠦᠨ ᠠᠶᠤᠯ ᠠᠴᠠ | ᠵᠠᠶᠢᠯᠠᠭᠤᠯᠵᠤ ᠂ ︽ᠠᠷᠪᠠ ᠤᠳᠠᠭ᠎ᠠ ᠰᠡᠷᠭᠡᠶᠢᠯᠡᠭᠡᠳ ᠶᠢᠰᠦ ᠤᠳᠠᠭ᠎ᠠ ᠨᠢ ᠬᠤᠭᠤᠰᠤᠨ ᠪᠣᠯᠤᠭᠰᠠᠨ ᠴᠤ ᠰᠡᠷᠭᠡᠶᠢᠯᠡᠯᠲᠡ ᠪᠠᠨ ᠠᠯᠳᠠᠵᠤ ᠪᠤᠯᠬᠤ ᠦᠭᠡᠢ ︾᠂ | ᠵᠠᠩᠭᠢᠯᠠᠭ᠎ᠠ ᠶᠢᠨ ᠦᠶ᠎ᠡ ᠳᠤ ᠠᠶᠤᠯᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠵᠠᠶᠢᠯᠠᠭᠤᠯᠵᠤ ᠂ ᠬᠥᠮᠥᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ | ᠪᠡᠯᠡᠳᠬᠡᠯ ᠲᠥᠰᠥᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ ᠂ ᠰᠢᠯᠵᠢᠭᠦᠯᠪᠡᠰᠦ ᠵᠣᠬᠢᠬᠤ ᠶᠢ ᠨᠢ ᠪᠦᠭᠦᠨ ᠢ ᠰᠢᠯᠵᠢᠭᠦᠯᠵᠦ ᠂ ᠰᠢᠯᠵᠢᠭᠦᠯᠪᠡᠰᠦ ᠵᠣᠬᠢᠬᠤ ᠶᠢ ᠨᠢ | ᠡᠷᠲᠡᠬᠡᠨ ᠰᠢᠯᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠨ ᠲᠤᠰᠠᠯᠠᠵᠤ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠩᠭᠢ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠲᠥᠪ ᠠᠴᠠ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠵᠤ ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ ᠂ ᠪᠦᠭᠦ | ᠬᠦᠴᠦᠨ ᠢᠶᠠᠷ ᠢᠶᠠᠨ ᠬᠠᠰᠢᠯᠭ᠎ᠠ ᠶᠢ ᠪᠠᠬᠢᠯᠡᠨ ᠠᠶᠤᠯ ᠢ ᠠᠷᠢᠯᠭᠠᠵᠤ ᠂ ᠬᠠᠰᠢᠭᠳᠠᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠠᠪᠤᠷᠠᠵᠤ ᠂ ᠪᠠᠷ᠎ᠠ ᠰᠤᠷᠠᠭ ᠦᠭᠡᠢ | ᠪᠣᠯᠤᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ | ᠭᠡᠷᠡᠭᠲᠡᠢ ︔ ᠪᠠᠭᠤᠷᠠᠶ ᠬᠠᠰᠢᠯᠭ᠎ᠠ ᠂ ᠵᠠᠩᠭᠢᠯᠠᠭ᠎ᠠ ᠶᠢᠨ ᠬᠠᠰᠢᠯᠭ᠎ᠠ ᠶᠢ ᠤᠷᠢᠳᠴᠢᠯᠠᠨ ᠪᠠᠬᠢᠵᠢᠭᠦᠯᠦᠨ ᠳᠡᠭᠡᠭᠰᠢᠯᠡᠭᠦᠯᠵᠦ ᠂ ᠲᠤᠰᠬᠠᠢ ᠬᠦᠴᠦᠨ ᠢ ᠲᠣᠬᠢᠷᠠᠭᠤᠯᠤᠨ | ᠲᠠᠰᠤᠷᠠᠯᠲᠠ ᠦᠭᠡᠢ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠵᠤ ᠂ ᠤᠰᠤ ᠣᠷᠭᠢᠯᠬᠤ ᠂ ᠬᠠᠰᠢᠯᠭ᠎ᠠ ᠰᠡᠳᠡᠷᠡᠭᠦ ᠵᠡᠷᠭᠡ ᠬᠦᠨᠳᠦ ᠶᠡᠭᠡ ᠲᠦᠭᠰᠢᠭᠦᠷᠢᠲᠦ | ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ | ᠲᠦᠮᠡᠨ ᠢ ᠵᠣᠬᠢᠰᠲᠠᠢ ᠲᠥᠪᠬᠢᠨᠡᠭᠦᠯᠵᠦ ᠂ ᠡᠨᠡ ᠤᠳᠠᠭ᠎ᠠ ᠶᠢᠨ ᠭᠠᠮᠰᠢᠭ ᠤᠨ ᠬᠡᠪᠴᠢᠶ᠎ᠡ ᠥᠷᠭᠡᠨ ᠂ ᠦᠶᠡᠷ ᠢ ᠲᠣᠭᠲᠠᠭᠠᠬᠤ ᠣᠷᠣᠨ ᠢ ᠡᠬᠢᠯᠡᠨ ᠬᠡᠷᠡᠭᠯᠡᠭᠰᠡᠨ ᠨᠢ | ᠤᠯᠠᠨ ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ ᠨᠢ ᠤᠯᠠᠨ ᠪᠠᠶᠢᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ | ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ ᠂ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ | ᠰᠠᠶᠢᠲᠤᠷ ᠬᠢᠵᠦ ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ ᠂ ᠭᠠᠮᠰᠢᠭᠳᠠᠭᠰᠠᠨ ᠣᠷᠣᠨ ᠤ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠂ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ ᠂ ᠵᠠᠮ | ᠬᠠᠷᠢᠯᠴᠠᠭ᠎ᠠ ᠂ ᠴᠢᠮᠡᠭᠡ ᠬᠤᠯᠪᠤᠭ᠎ᠠ ᠂ ᠴᠠᠭᠢᠯᠭᠠᠨ ᠬᠦᠴᠦ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠰᠡᠯᠪᠢᠨ ᠵᠠᠰᠠᠵᠤ ᠂ ᠭᠠᠮᠰᠢᠭ ᠲᠤ | ᠡᠪᠳᠡᠭᠳᠡᠭᠰᠡᠨ ᠲᠠᠷᠢᠶᠠᠨ ᠭᠠᠵᠠᠷ ᠪᠣᠯᠣᠨ ᠲᠠᠷᠢᠶᠠᠯᠠᠩ ᠤᠨ ᠲᠥᠬᠦᠭᠡᠷᠦᠮᠵᠢ ᠶᠢ ᠱᠠᠯᠠᠪᠳᠠᠭᠤᠯᠤᠨ ᠰᠡᠷᠭᠦᠭᠡᠨ ᠵᠠᠰᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠴᠢᠳ ᠤᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ ᠂ | ᠲᠠᠷᠢᠶᠠᠴᠢᠳ ᠢ ᠵᠣᠬᠢᠶᠠᠨ ᠪᠠᠶᠢᠭᠤᠯᠵᠤ ᠢᠳᠡᠪᠬᠢᠲᠡᠢ ᠪᠠᠷ ᠨᠥᠬᠦᠨ ᠲᠠᠷᠢᠵᠤ ᠠᠪᠤᠷᠠᠨ ᠲᠤᠰᠠᠯᠠᠵᠤ ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠭᠤᠯᠢ ᠂ ᠡᠮᠨᠡᠯᠭᠡ ᠶᠢᠨ ᠬᠤᠷᠢᠶ᠎ᠠ ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠶᠢᠲᠡ ᠶᠢᠨ | ᠲᠥᠬᠦᠭᠡᠷᠦᠮᠵᠢ ᠶᠢ ᠰᠡᠷᠭᠦᠭᠡᠨ ᠲᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ ᠂ ᠭᠠᠮᠰᠢᠭᠳᠠᠭᠰᠠᠨ ᠰᠤᠷᠤᠬᠴᠢᠳ ᠤᠨ ᠴᠠᠭ ᠲᠠᠭᠠᠨ ᠰᠤᠷᠭᠠᠭᠤᠯᠢ | ᠡᠬᠢᠯᠡᠵᠦ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠵᠠᠰᠠᠨ ᠰᠡᠷᠭᠦᠭᠡᠵᠦ ᠳᠠᠭᠢᠨ ᠪᠦᠲᠦᠭᠡᠨ | ᠪᠠᠶᠢᠭᠤᠯᠬᠤ ᠠᠵᠢᠯ ᠢ ᠦᠳᠲᠡᠷ ᠲᠦᠷᠭᠡᠨ ᠡᠬᠢᠯᠡᠭᠦᠯᠵᠦ ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠡᠭᠡᠨ ᠬᠠᠷᠢᠬᠤ ᠪᠤᠶᠤ ᠰᠢᠨ᠎ᠡ | ᠣᠷᠣᠨ ᠰᠠᠭᠤᠴᠠ ᠳᠤ ᠨᠡᠭᠦᠵᠦ ᠣᠷᠣᠬᠤ ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠳᠡᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠵᠦ ᠂ ᠭᠠᠮᠰᠢᠭᠳᠠᠭᠰᠠᠨ ᠭᠠᠵᠠᠷ ᠣᠷᠣᠨ ᠳᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠭᠦ ᠪᠠ ᠳᠠᠭᠠᠳᠬᠠᠯ ᠤᠨ ᠲᠥᠯᠥᠪᠦᠷᠢ ᠥᠭᠬᠦ ᠶᠢ ᠴᠢᠩᠭᠠᠳᠬᠠᠬᠤ ᠶᠢᠨ ᠬᠠᠮᠲᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠭᠠᠮᠰᠢᠭᠳᠠᠭᠰᠠᠨ ᠣᠯᠠᠨ ᠲᠦᠮᠡᠨ ᠪᠠ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠦᠴᠢᠷ ᠢ | ᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠳ᠋ᠦᠩᠨᠡᠵᠦ ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ ᠂ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ | ᠬᠦᠴᠦᠷᠬᠡᠭᠵᠢᠭᠦᠯᠵᠦ ᠂ ᠲᠣᠬᠢᠷᠠᠭᠤᠯᠤᠨ ᠵᠢᠯᠤᠭᠤᠳᠬᠤ ᠂ ᠵᠥᠪᠳᠡᠯᠴᠡᠨ ᠰᠤᠳᠤᠯᠤᠨ ᠮᠠᠭᠠᠳᠯᠠᠬᠤ ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠵᠡᠷᠭᠡ ᠲᠤᠨᠤᠭ | ᠲᠥᠬᠦᠭᠡᠷᠦᠮᠵᠢ ᠪᠠ ᠰᠢᠰᠲ᠋ᠧᠮ ᠢ ᠲᠡᠭᠦᠯᠳᠡᠷᠵᠢᠭᠦᠯᠦᠨ ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ ᠂ ᠨᠢᠭᠡ ᠴᠣᠭᠴᠠᠵᠢᠭᠤᠯᠤᠨ ᠠᠷᠭᠠᠴᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠭᠦᠢᠴᠡᠳᠬᠡᠬᠦ ᠳᠤ ᠰᠠᠭᠤᠷᠢᠯᠠᠵᠤ ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠲᠤᠪᠤᠶᠢᠯᠭᠠᠵᠤ ᠂ ᠣᠷᠣᠨ ᠪᠦᠰᠡ ᠶᠢᠨ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ | ᠴᠢᠳᠠᠪᠤᠷᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ ᠵᠢᠷᠤᠮᠵᠢᠭᠤᠯᠵᠤ ᠂ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ ᠠᠶᠤᠯ ᠲᠦᠭᠰᠢᠭᠦᠷᠢ ᠶᠡᠬᠡᠲᠡᠢ ᠰᠢᠶᠠᠩ ᠪᠠᠯᠭᠠᠰᠤ ᠂ ᠲᠣᠰᠬᠤᠨ | ᠳᠤᠭᠤᠶᠢᠯᠠᠩ ᠳᠤ ᠴᠢᠬᠤᠯᠠ ᠪᠦᠬᠦᠢ ᠲᠣᠨᠣᠭᠯᠠᠯ ᠲᠣᠬᠢᠷᠠᠭᠤᠯᠤᠨ ᠥᠭᠴᠦ ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ ᠤ ᠭᠤᠣᠯ ᠪᠤᠯᠬᠤ ᠭᠤᠣᠯ ᠮᠥᠷᠡᠨ ᠤ ᠰᠠᠪᠠ ᠭᠠᠵᠠᠷ ᠤᠨ ᠦᠶᠡᠷ ᠢ | ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ ᠂ ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠣᠯᠣᠨ | ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ ᠂ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦᠶᠢᠯᠡ ᠴᠣᠭᠴᠠ ᠪᠠᠷ ᠨᠢ ᠳᠡᠭᠡᠭᠰᠢᠯᠡᠭᠦᠯᠭᠦ ᠬᠡᠷᠡᠭᠲᠡᠢ᠃ | ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢᠨ ᠲᠥᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ | ᠬᠤᠳᠠ ᠶᠢᠨ ᠤᠰᠤ ᠵᠠᠯᠠᠬᠤ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠵᠦ ᠂ | ᠭᠤᠣᠯ ᠤᠨ ᠬᠡᠪᠡᠯᠢ ᠶᠢᠨ ᠤᠰᠤᠲᠤᠯ ᠢ ᠵᠠᠯᠠᠬᠤ ᠢᠨᠵᠧᠨᠧᠷᠢᠩ ᠲᠠᠢ ᠪᠦᠲᠦᠮᠵᠢᠲᠡᠢ ᠵᠣᠯᠭᠠᠭᠤᠯᠵᠤ ᠂ ᠬᠤᠳᠠ ᠶᠢᠨ ᠭᠤᠣᠯ ᠤᠰᠤ ᠵᠠᠯᠠᠬᠤ ᠵᠠᠮ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠂ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠲᠤ ᠣᠴᠢᠵᠤ ᠵᠢᠯᠣᠭᠤᠳᠤᠨ ᠂ ᠡᠯ᠎ᠡ ᠬᠠᠮᠢᠶ᠎ᠠ | ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠴᠤᠴᠠᠯᠲᠠ ᠦᠭᠡᠢ ᠤᠷᠤᠭᠰᠢᠯᠠᠵᠤ ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠶᠢᠴᠢᠨ ᠪᠠᠬᠢᠯᠡᠯᠲᠡ ᠶᠢᠨ ᠦᠢᠯᠡᠳᠦᠯ ᠪᠠ | ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ | ᠹᠷᠣᠨᠲ ᠲᠤ ᠬᠦᠨᠳᠦ ᠡᠭᠦᠷᠭᠡ ᠶᠢ ᠡᠭᠦᠷᠭᠡᠯᠡᠵᠦ ᠂ ᠬᠤᠰᠢᠭᠤᠴᠢ ᠪᠣᠯᠵᠤ ᠂ ᠲᠦᠷᠦᠭᠦᠯᠡᠨ ᠠᠵᠢᠯᠯᠠᠵᠤ ᠂ ᠠᠷᠠᠳ ᠲᠦᠮᠡᠨ ᠳᠤ ᠴᠢᠩᠭ᠎ᠠ ᠲᠦᠰᠢᠭᠯᠡᠵᠦ ᠂ ᠨᠠᠮ ᠤᠨ | ᠤᠯᠤᠰ ᠲᠥᠷᠥ ᠶᠢᠨ ᠳᠠᠪᠠᠭᠤᠯᠢᠭ ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠤᠯᠤᠰ ᠲᠥᠷᠥ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |