| ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠢᠨᠠᠷ ᠰᠠᠶᠢᠲᠠᠢ | ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ | ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ | ᠂ ᠶᠡᠷᠦᠩᠬᠡᠢ ᠱᠦᠵᠢ ᠰᠢ ᠶᠢᠨ ᠫᠢᠩ ᠤᠨ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠵᠤ᠂ ᠪᠦᠬᠦ ᠵᠢᠯ ᠤᠨ | ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ ᠃ | ᠯᠢ ᠴᠢᠶᠠᠩ᠂ ᠵᠢᠯ ᠡᠬᠢᠯᠡᠭᠰᠡᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠶᠡᠷᠦᠩᠬᠡᠢ ᠳᠤ ᠪᠠᠨ ᠰᠠᠶᠢᠵᠢᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠠᠢ ᠃ ᠪᠢᠳᠡ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠯᠤᠭ᠎ᠠ | ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠬᠦᠴᠦᠯᠡᠨ ᠴᠢᠷᠮᠠᠶᠢᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠤᠨᠢᠨ ᠳᠡᠭᠡᠷ᠎ᠡ ᠨᠢ ᠡᠷᠴᠢᠮᠲᠡᠢ ᠬᠡᠷᠡᠭᠵᠢᠭᠦᠯᠵᠦ᠂ ᠡᠯ᠎ᠡ | ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤ ᠠᠵᠤ ᠠᠬᠤᠢ ᠶᠢᠨ | ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠶᠢᠨ ᠦᠷᠭᠦᠯᠵᠢᠯᠡᠨ | ᠰᠠᠶᠢᠵᠢᠷᠠᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦ ᠪᠠᠨ ᠪᠠᠲᠤᠳᠬᠠᠵᠤ | ᠰᠠᠭᠤᠷᠢ ᠪᠠᠨ ᠪᠠᠬᠢᠵᠢᠭᠦᠯᠬᠦ ᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠦᠷᠭᠡᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠪᠡᠭᠡᠵᠢᠩ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ︶ | ᠯᠢ ᠴᠢᠶᠠᠩ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢ ᠥᠷᠭᠡᠳᠬᠡᠬᠦ᠂ ᠪᠡᠯᠡ ᠣᠷᠣᠭᠤᠯᠤᠯᠲᠠ ᠶᠢ | ᠠᠬᠢᠭᠤᠯᠬᠤ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠥᠷᠭᠡᠨ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠠᠷᠠᠳ ᠤᠨ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠲᠠᠶᠢᠴᠢᠯᠠᠵᠤ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ ᠨᠥᠭᠡᠴᠡᠯᠡᠯᠲᠡ ᠶᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠰᠢᠨ᠎ᠡ ᠮᠡᠷᠭᠡᠵᠢᠯ ᠰᠢᠨ᠎ᠡ | ᠡᠵᠡᠩᠨᠡᠯᠲᠡ ᠶᠢᠨ ᠬᠡᠯᠪᠡᠷᠢ ᠪᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠦᠢᠯᠡᠳᠬᠡᠯ ᠤᠨ ᠦᠢᠯᠡᠰ ᠢ ᠲᠣᠭᠠᠵᠢᠭᠤᠯᠤᠭᠰᠠᠨ ᠬᠡᠯᠪᠡᠷᠢ | ᠲᠡᠶᠢᠰᠢ ᠬᠤᠪᠢᠷᠠᠭᠤᠯᠬᠤ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠳᠤ | ᠬᠦᠴᠦᠯᠡᠵᠦ ᠂ ᠰᠢᠨ᠎ᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠪᠰᠢᠭᠦᠯᠬᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ | ᠠᠰᠢᠭᠯᠠᠬᠤ ᠬᠡᠷᠡᠭᠲᠡᠢ᠃ ᠣᠷᠣᠨ ᠪᠦᠰᠡ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠣᠯᠣᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ ᠂ | ᠬᠦᠴᠦᠲᠡᠢ᠂ ᠳᠢᠭᠯᠢᠮ ᠲᠠᠢ᠂ ᠪᠦᠲᠦᠮᠵᠢᠲᠡᠢ ᠪᠠᠷ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠣᠳᠠᠲᠠᠢ ᠠᠷᠢᠯᠭᠠᠬᠤ ᠶᠢ ᠠᠬᠢᠭᠤᠯᠬᠤ ᠬᠡᠷᠡᠭᠲᠡᠢ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠳᠤ ᠬᠦᠴᠦᠯᠡᠵᠦ᠂ ᠬᠦᠴᠢᠷᠳᠡᠯᠲᠡᠢ ᠤᠯᠠᠨ ᠲᠦᠮᠡᠨ ᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠳᠠᠭᠠᠭᠠᠨ | ᠪᠠᠲᠤᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠠᠷᠭ᠎ᠠ ᠪᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ | ᠴᠢᠩᠭᠠᠳᠬᠠᠵᠤ᠂ ᠭᠠᠮᠰᠢᠭ ᠤᠨ ᠳᠠᠷᠠᠭᠠᠬᠢ ᠰᠡᠷᠭᠦᠭᠡᠯᠲᠡ ᠶᠢ ᠦᠨᠡᠨ ᠬᠦ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠳ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ | ᠤᠯᠤᠰ ᠤᠨ ᠶᠡᠭᠡ ᠶᠠᠪᠤᠳᠠᠯ ︾ ᠢ ᠰᠡᠳᠬᠢᠯ ᠳᠤ ᠪᠠᠨ ᠪᠤᠳᠤᠵᠤ᠂ ᠠᠵᠢᠯ ᠤᠨ ᠭᠠᠷᠳᠠᠴᠠ ᠶᠢ ᠣᠨᠣᠪᠴᠢᠲᠠᠢ ᠣᠯᠵᠤ᠂ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ | ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠦ ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽ ᠥᠨᠳᠥᠷ ᠪᠦᠲᠦᠮᠵᠢᠲᠡᠢ ᠪᠠᠷ ᠨᠢᠭᠡ | ᠶᠠᠪᠤᠳᠠᠯ ᠢ ᠪᠦᠲᠦᠭᠡᠬᠦ ︾ ᠶᠢᠨ ᠲᠣᠭᠤᠷᠢᠨ ᠳᠤ ᠬᠦᠴᠦ ᠪᠠᠨ ᠬᠠᠮᠲᠤᠳᠬᠠᠨ ᠰᠢᠪᠲᠤᠯᠵᠤ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠬᠦᠷᠲᠡᠮᠵᠢ ᠶᠢᠨ | ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ᠃ ᠬᠡᠪᠰᠢᠮᠡᠯ ᠰᠡᠳᠬᠢᠬᠦᠢ ᠪᠠᠨ ᠲᠠᠶᠠᠭᠳᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ | ᠪᠠᠷᠢᠮᠲᠠᠯᠠᠵᠤ᠂ ᠠᠵᠢᠯ ᠤᠨ ᠴᠤᠪᠤᠷᠠᠯ ᠪᠣᠯᠣᠨ ᠠᠬᠢᠭᠤᠯᠬᠤ ᠠᠷᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠡᠩ | ᠰᠠᠶᠢᠲᠤᠷ ᠭᠦᠢᠴᠡᠳᠬᠡᠵᠦ᠂ ᠬᠢᠨᠠᠨ ᠬᠠᠮᠢᠶᠠᠷᠬᠤ ᠪᠠ ᠦᠢᠯᠡᠴᠢᠯᠡᠬᠦ᠂ ᠠᠮᠤᠷ ᠲᠦᠪᠰᠢᠨ ᠢ ᠪᠠᠲᠤᠯᠠᠬᠤ ᠪᠠ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ | ᠤᠶᠠᠯᠳᠤᠭᠤᠯᠵᠤ᠂ ᠬᠥᠭᠵᠢᠯᠲᠡ ᠶᠢᠨ ᠲᠥᠯᠥᠭᠡ ᠢᠯᠡᠭᠦᠬᠡᠨ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠢᠯᠡᠭᠦᠬᠡᠨ ᠬᠦᠴᠦᠨ ᠴᠢᠳᠠᠯ ᠢᠶᠠᠨ ᠡᠷᠭᠦᠵᠦ᠂ ᠪᠦᠬᠦ | ᠨᠡᠶᠢᠭᠡᠮ ᠳᠤ ᠠᠵᠢᠯ ᠬᠢᠵᠦ ᠦᠢᠯᠡᠰ ᠪᠣᠰᠬᠠᠬᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠥᠳᠬᠡᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠪᠤᠰᠤᠳ | ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ ᠡᠯ᠎ᠡ ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ ᠪᠣᠯᠣᠨ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠸᠢᠳᠢᠣ᠋ ᠪᠠᠷ ᠲᠤᠬᠠᠢ ᠶᠢᠨ ᠭᠠᠵᠠᠷ ᠲᠤ ᠪᠠᠨ | ᠬᠤᠷᠠᠯ ᠳᠤ ᠰᠤᠯᠠ ᠣᠷᠣᠯᠴᠠᠪᠠ᠃ | |