︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠡᠬᠢᠯᠡᠪᠡ ᠶᠠᠩ ᠶᠢᠨ ᠪᠠᠶᠠᠷ ᠤᠨ ᠦᠭᠡ ᠬᠡᠯᠡᠵᠦ ᠴᠧᠨ ᠹᠠ ᠬᠣ᠋ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/21
     8 ᠳ᠋ᠤᠭᠠᠷ ᠰᠠᠷ᠎ᠠ ᠶᠢᠨ 14 ᠤ ᠡᠳᠦᠷ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠣᠷᠳᠣᠰ ᠬᠤᠳᠠ ᠶᠢᠨ ᠦᠦᠰᠢᠨ ᠬᠤᠰᠢᠭᠤᠨ ᠳᠤ ᠡᠬᠢᠯᠡᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ 160 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠳ ᠣᠷᠣᠯᠴᠠᠵᠤ᠂ 30 ᠭᠠᠷᠤᠢ ᠲᠤᠰᠬᠠᠢ ᠮᠡᠷᠭᠡᠵᠢᠯᠲᠡᠳ ᠭᠤᠣᠯ ᠰᠡᠳᠦᠪᠲᠦ ᠢᠯᠡᠳᠬᠡᠯ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠧᠨ ᠹᠠ ᠬᠣ᠋ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠥᠷᠭᠡᠨ ᠤᠯᠠᠨ ᠲᠤᠰᠬᠠᠢ ᠮᠡᠷᠭᠡᠵᠢᠯᠲᠡᠨ ᠡᠷᠳᠡᠮᠲᠡᠳ ᠪᠠ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ ᠠᠵᠠ ᠲᠣᠬᠢᠶᠠᠯ ᠪᠣᠯᠭᠠᠨ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠥᠪᠥᠷ ᠮᠣᠩᠭᠤᠯ ᠤᠨ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ︽ᠤᠮᠠᠷᠠᠲᠤ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ ᠳᠤ ᠲᠡᠦᠬᠡ ᠰᠣᠶᠣᠯ ᠤᠨ ᠪᠠᠲᠤ ᠰᠠᠭᠤᠷᠢ ᠶᠢ ᠨᠢ ᠪᠠᠲᠤᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠦᠢᠯᠡᠳᠦᠯᠭᠡ ᠳᠤ ᠪᠣᠯᠪᠠᠰᠤᠨ ᠤ ᠠᠭᠤᠯᠬᠤᠨ ᠣᠯᠭᠤᠬᠤ ᠶᠢ ᠬᠦᠰᠡᠵᠦ ᠪᠠᠶᠢᠨ᠎ᠠ ᠭᠡᠵᠦ ᠳᠤᠷᠠᠳᠴᠠᠢ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ