| | ᠤᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠣᠷᠳᠣᠰ | ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠨᠤᠭᠤᠳ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ | ᠬᠤᠯᠪᠤᠬᠳᠠᠯ ᠪᠥᠬᠦᠶ ᠢᠵᠢ ᠪᠦᠷᠢᠳᠦᠭᠦᠯᠬᠦ ᠠᠷᠭ᠎ᠠ ᠶᠢᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ | ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ 2023 ᠣᠨ ᠤ | ᠬᠤᠲᠠ ᠶᠢᠨ ᠲᠣᠰ ᠱᠠᠲᠤᠨ ᠤ ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢ ᠬᠡᠷᠡᠭᠯᠡᠬᠦ ᠲᠦᠯᠦᠪᠯᠡᠭᠡ ᠶᠢ ᠰᠤᠳᠤᠯᠤᠨ | ᠲᠣᠭᠲᠠᠭᠠᠪᠠ᠃ ᠡᠭᠦᠨ ᠳᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠵᠢᠴᠢ ᠴᠢᠳᠠᠪᠤᠷᠢᠲᠠᠨ ᠤ | ᠠᠴᠢᠶᠠᠯᠠᠪᠤᠷᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠳᠤ ᠬᠡᠷᠡᠭᠯᠡᠬᠦ ᠵᠠᠷᠤᠳᠠᠯ ᠤᠨ | ᠶᠡᠷᠦᠩᠬᠡᠶ ᠲᠥᠰᠦᠪ ᠲᠠᠬᠢ ᠡᠵᠡᠯᠡᠬᠦ ᠬᠠᠷᠢᠴᠡᠯ 76.1% ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ | ᠬᠤᠪᠢ ᠶᠢᠨ ᠬᠠᠷᠢᠴᠡᠯ ᠢᠶᠠᠷ 6.3 ᠳᠡᠭᠡᠭᠰᠢᠯᠡᠭᠰᠡᠨ ᠪᠠᠶᠢᠨ᠎ᠠ᠃ ᠠᠵᠢᠯ ᠦᠷᠨᠢᠬᠦᠯᠦᠭᠰᠡᠨ ᠪᠠᠶᠢᠳᠠᠯ ᠢ ᠦᠨᠳᠦᠰᠦᠯᠡᠨ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠠᠩᠬ᠎ᠠ ᠪᠦᠯᠦᠭ ᠴᠢᠳᠠᠪᠤᠷᠢᠲᠠᠨ ᠤ | ᠠᠵᠢᠯ ᠤᠨ ᠲᠤᠰᠬᠠᠶ ᠪᠠᠯᠠ ᠮᠥᠩᠭᠦ ᠶᠢ 8151.8 ᠲᠦᠮᠡᠨ ᠲᠥᠭᠦᠷᠢᠭ ᠪᠠᠭᠤᠯᠭᠠᠵᠤ᠂ ᠴᠢᠳᠠᠪᠤᠷᠢᠲᠠᠨ ᠢ ᠤᠷᠢᠨ | ᠠᠪᠴᠢᠷᠠᠵᠤ ᠴᠢᠳᠠᠪᠤᠷᠢᠲᠠᠨ ᠢ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ ᠬᠤᠯᠪᠤᠬᠳᠠᠯ ᠪᠥᠬᠦᠶ ᠵᠠᠷᠤᠳᠠᠯ ᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠤᠷᠢᠳ ᠢᠶᠠᠷ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠬᠤᠲᠠ ᠶᠢᠨ | ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠲᠠᠢ ᠬᠠᠮᠵᠢᠯᠴᠠᠨ | ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢᠨ ᠲᠥᠰᠦᠪ᠂ ᠬᠤᠪᠢᠶᠠᠷᠢᠯᠠᠯᠲᠠ᠂ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠬᠡᠷᠡᠭᠯᠡᠬᠦ ᠰᠠᠯᠠᠭ᠎ᠠ ᠮᠥᠴᠢᠷ ᠢ ᠵᠢᠯᠣᠭᠤᠳᠤᠨ ᠲᠤᠰᠬᠠᠶ ᠪᠠᠯᠠ | ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠯᠭᠡᠵᠦ᠂ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠳᠤ | ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠭᠢᠵᠤ᠂ ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠲᠡᠬᠡᠭᠰᠢᠯᠡᠬᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠤᠭ ᠤᠨ ᠶᠡᠭᠡ | ᠦᠷ᠎ᠡ ᠠᠰᠢᠭ ᠢ ᠪᠠᠳᠠᠷᠠᠭᠤᠯᠤᠨ᠎ᠠ︔ ᠴᠢᠳᠠᠪᠤᠷᠢᠲᠠᠨ ᠣᠷᠣᠭᠤᠯᠬᠤ ᠲᠣᠭᠲᠠᠴᠠ᠂ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠬᠤ᠂ ᠲᠣᠬᠢᠷᠠᠭᠤᠯᠬᠤ ᠪᠠ ᠲᠡᠭᠦᠯᠳᠡᠷᠵᠢᠭᠦᠯᠬᠦ ᠳᠤ ᠢᠳᠡᠪᠬᠢᠲᠡᠶ ᠣᠷᠣᠯᠴᠠᠵᠤ᠂ ᠮᠠᠨ ᠤ | ᠬᠤᠲᠠ ᠶᠢᠨ ᠴᠢᠳᠠᠪᠤᠷᠢᠲᠠᠨ ᠣᠷᠣᠭᠤᠯᠬᠤ᠂ ᠬᠥᠮᠦᠵᠢᠭᠦᠯᠬᠦ᠂ ᠲᠠᠪᠴᠠᠩ ᠪᠠᠶᠢᠭᠤᠯᠬᠤ ᠵᠡᠷᠭᠡ ᠠᠵᠢᠯ ᠳᠤ ᠬᠦᠴᠦᠨ | ᠨᠡᠮᠡᠷᠢᠯᠡᠵᠦ᠂ ᠴᠢᠳᠠᠪᠤᠷᠢᠲᠠᠨ ᠤ ᠠᠵᠢᠯ ᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠤᠯᠬᠤ ᠶᠢ ᠬᠠᠮᠲᠤ ᠪᠠᠷ | ᠠᠬᠢᠭᠤᠯᠬᠤ ᠪᠤᠯᠤᠨ᠎ᠠ᠃ |