ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠬᠤ ᠳᠠᠭᠠᠨ ᠴᠢᠬᠤᠯᠠᠴᠢᠯᠠᠬᠰᠠᠨ ᠨᠢ
ᠨᠡᠶᠢᠲᠡᠯᠡᠭᠰᠡᠨ ᠴᠠᠭ᠄
2023/8/31
      ᠰᠢᠨᠵᠢᠶᠠᠩ ᠤᠨ ᠤᠯᠤᠰ ᠤᠨ ᠪᠦᠬᠦ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠥ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠠᠬᠢᠴᠠ ᠳᠤᠮᠳᠠ ᠦᠵᠡᠰᠭᠦᠯᠡᠩᠲᠦ ᠰᠠᠶᠢᠬᠠᠨ ᠰᠢᠨᠵᠢᠶᠠᠩ ᠢ ᠨᠠᠩ ᠰᠠᠶᠢᠲᠤᠷ ᠪᠦᠲᠦᠭᠡᠨ ᠪᠠᠶᠢᠭᠤᠯᠬᠤ ᠬᠡᠷᠡᠭᠳᠡᠢ                                                        ᠼᠠᠢ ᠴᠢ ᠬᠠᠷᠢᠭᠤ ᠮᠡᠳᠡᠬᠦᠯᠦᠯᠳᠡ ᠶᠢᠨ ᠬᠤᠷᠠᠯ ᠳᠤ ᠣᠷᠣᠯᠴᠠᠵᠠᠢ       ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠬᠤ ᠳᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠥ᠂ ᠰᠢᠨᠵᠢᠶᠠᠩ ᠤᠨ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠳᠠᠬᠢ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠥ᠂ ᠠᠵᠢᠯ ᠤᠨ ᠶᠡᠷᠦᠩᠬᠡᠶ ᠬᠠᠷᠠᠯᠲᠠ ᠶᠢ ᠴᠢᠩᠭ᠎ᠠ ᠠᠳᠬᠤᠵᠥ᠂ ᠬᠠᠤᠯᠢ ᠶᠣᠰᠣᠭᠠᠷ ᠰᠢᠨᠵᠢᠶᠠᠩ ᠢ ᠵᠠᠰᠠᠬᠤ᠂ ᠪᠦᠯᠬᠦᠮᠳᠡᠯ ᠢᠶᠠᠷ ᠰᠢᠨᠵᠢᠶᠠᠩ ᠢ ᠲᠣᠭᠲᠠᠭᠤᠨ ᠪᠠᠶᠢᠯᠭᠠᠬᠤ᠂ ᠰᠣᠶᠣᠯ ᠢᠶᠠᠷ ᠰᠢᠨᠵᠢᠶᠠᠩ ᠢ ᠤᠮᠳᠠᠯᠠᠬᠤ᠂ ᠠᠷᠠᠳ ᠢ ᠪᠠᠶᠠᠵᠢᠭᠤᠯᠬᠤ ᠪᠠᠷ ᠰᠢᠨᠵᠢᠶᠠᠩ ᠢ ᠮᠠᠨᠳᠤᠭᠤᠯᠬᠤ᠂ ᠤᠷᠲᠤ ᠬᠤᠭᠤᠴᠠᠭ᠎ᠠ ᠪᠠᠷ ᠰᠢᠨᠵᠢᠶᠠᠩ ᠢ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠭᠦᠨᠵᠡᠭᠡᠶ ᠨᠠᠷᠢᠯᠢᠭ ᠪᠣᠳᠠᠲᠠᠶ ᠬᠢᠵᠥ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠥ᠂ ᠦᠷᠭᠦᠯᠵᠢᠯᠡᠨ ᠬᠦᠴᠦᠯᠡᠵᠥ᠂ ᠤᠳᠠᠭᠠᠨ ᠳᠠᠭᠠᠭᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠥ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠠᠬᠢᠴᠠ ᠳᠤᠮᠳᠡ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠴᠡᠴᠡᠭᠯᠡᠨ ᠪᠠᠶᠠᠵᠢᠬᠤ᠂ ᠪᠣᠯᠪᠠᠰᠤᠨ ᠤᠷᠤᠬᠰᠢᠯᠠᠨ ᠳᠠᠪᠰᠢᠬᠤ᠂ ᠠᠮᠤᠷ ᠵᠢᠷᠭᠠᠯ ᠲᠠᠢ ᠠᠵᠤ ᠲᠦᠷᠦᠭᠦ᠂ ᠠᠮᠢ ᠠᠬᠤᠶ ᠰᠠᠶᠢᠨ ᠰᠠᠶᠢᠬᠠᠨ ᠦᠵᠡᠰᠬᠦᠯᠡᠩᠳᠤ ᠰᠠᠶᠢᠬᠠᠨ ᠰᠢᠨᠵᠢᠶᠠᠩ ᠢ ᠨᠡᠩ ᠰᠠᠶᠢᠳᠤᠷ ᠪᠦᠳᠦᠬᠡᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      8 ᠰᠠᠷ᠎ᠠ ᠶᠢᠨ 26 ᠤ ᠡᠳᠦᠷ᠂ ᠰᠢ ᠶᠢᠨ ᠫᠢᠩ ᠠᠯᠲᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠬᠰᠡᠨ ᠤ ᠬᠠᠮᠲᠤ ᠡᠮᠦᠨᠡᠲᠦ ᠠᠹᠷᠢᠺᠠ ᠳᠠᠬᠢ ᠲᠥᠷᠥ ᠶᠢᠨ ᠶᠠᠪᠤᠳᠠᠯ ᠤᠨ ᠠᠶᠢᠯᠴᠢᠯᠠᠯᠲᠠ ᠪᠠᠨ ᠳᠡᠬᠦᠰᠬᠡᠭᠡᠳ ᠤᠯᠤᠰ ᠲᠠᠭᠠᠨ ᠪᠤᠴᠠᠭᠰᠠᠨ ᠤ ᠳᠠᠷᠠᠭ᠎ᠠ᠂ ᠦᠷᠦᠮᠴᠢ ᠳᠤ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠰᠢᠨᠵᠢᠶᠠᠩ ᠤᠨ  ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ  ᠮᠡᠳᠡᠬᠦᠯᠦᠯᠳᠡ ᠶᠢ ᠲᠤᠰᠬᠠᠶᠢᠯᠠᠨ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ ᠰᠢᠩ ᠷᠦᠢ ᠨᠠᠷ ᠬᠠᠷᠢᠭᠤ ᠮᠡᠳᠡᠬᠦᠯᠦᠯᠳᠡ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠠᠶᠢᠷᠺᠧᠨ · ᠲᠦᠨᠢᠶᠠᠽᠢ ᠨᠠᠷ ᠬᠠᠷᠢᠭᠤ ᠮᠡᠳᠡᠬᠦᠯᠦᠯᠳᠡ ᠶᠢᠨ ᠬᠤᠷᠠᠯ ᠳᠤ ᠣᠷᠣᠯᠴᠠᠵᠠᠢ᠃      ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢᠨᠵᠢᠶᠠᠩ ᠤᠨ ᠡᠯ᠎ᠡ ᠵᠦᠢᠯ ᠤᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃ ᠲᠡᠷᠡ᠂ ᠰᠢᠨᠵᠢᠶᠠᠩ ᠤᠨ ᠠᠵᠢᠯ ᠨᠠᠮ ᠪᠣᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠰᠢᠨᠵᠢᠶᠠᠩ ᠤᠨ ᠡᠯ᠎ᠡ ᠵᠦᠢᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠪᠣᠯ ᠮᠠᠰᠢ ᠲᠣᠳᠣᠷᠬᠠᠢ ᠶᠤᠮ᠂ ᠵᠠᠩᠭᠢᠯᠠᠭ᠎ᠠ ᠨᠢ ᠭᠦᠢᠴᠡᠳ ᠣᠶᠢᠯᠠᠭᠠᠵᠤ᠂ ᠭᠦᠢᠴᠡᠳ ᠨᠠᠶᠢᠳᠠᠪᠤᠷᠢᠵᠢᠭᠤᠯᠬᠤ ᠳᠤ ᠪᠤᠢ᠃ ᠣᠳᠣᠬᠠᠨ ᠤ ᠪᠠᠶᠢᠳᠠᠯ ᠢ ᠪᠣᠳᠠᠲᠠᠢ ᠠᠳᠬᠤᠵᠤ᠂ ᠣᠳᠣᠬᠠᠨ ᠤ ᠬᠥᠭᠵᠢᠯᠲᠡ ᠲᠣᠭᠲᠠᠭᠤᠨ ᠤ ᠪᠠᠶᠢᠳᠠᠯ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠠᠯᠤᠰ ᠬᠡᠳᠤ ᠶᠢᠨ ᠲᠦᠯᠦᠪᠵᠢᠬᠦᠯᠬᠡ ᠬᠢᠵᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠭᠦᠨ ᠳᠠᠪᠬᠤᠷᠭ᠎ᠠ ᠶᠢᠨ ᠵᠥᠷᠢᠴᠡᠯ ᠪᠣᠯᠤᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠬᠡᠷᠡᠭᠲᠡᠢ ᠭᠡᠵᠥ ᠵᠢᠭᠠᠵᠥ ᠭᠠᠷᠭᠠᠪᠠ᠃      ᠰᠢ ᠶᠢᠨ ᠫᠢᠩ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠣᠭᠲᠠᠭᠤᠨ ᠢ ᠠᠳᠬᠤᠬᠤ ᠪᠠ ᠬᠥᠭᠵᠢᠯᠲᠡ ᠶᠢ ᠠᠬᠢᠭᠤᠯᠬᠤ ᠬᠤᠶᠠᠷ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠬᠦᠯᠦᠨ ᠤᠶᠠᠯᠳᠤᠭᠤᠯᠬᠤ ᠶᠢ ᠴᠢᠩᠭᠠᠳᠬᠠᠵᠤ᠂ ᠲᠣᠭᠲᠠᠭᠤᠨ ᠢᠶᠠᠷ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠᠷ ᠲᠣᠭᠲᠠᠭᠤᠨ ᠢ ᠠᠬᠢᠭᠤᠯᠬᠤ ᠬᠡᠷᠡᠭᠲᠡᠢ᠃ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠩᠬᠠᠷᠴᠤ᠂ ᠬᠠᠤᠯᠢᠵᠢᠯ ᠤᠨ ᠲᠤᠭ ᠢ ᠥᠨᠳᠥᠷ ᠮᠠᠨᠳᠤᠭᠤᠯᠵᠤ᠂ ᠬᠠᠤᠯᠢ ᠴᠠᠭᠠᠵᠠ ᠶᠢᠨ ᠵᠡᠪᠰᠡᠭ ᠢ ᠰᠠᠶᠢᠲᠤᠷ ᠬᠡᠷᠡᠭᠯᠡᠵᠦ᠂ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠲᠣᠭᠲᠠᠭᠤᠨ ᠤ ᠬᠠᠤᠯᠢᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠦᠷᠳᠡᠬᠦᠯᠦᠯ ᠢ ᠡᠰᠡᠷᠭᠦᠴᠡᠬᠦ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠥᠷᠨᠢᠭᠦᠯᠬᠦ ᠬᠢᠭᠡᠳ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠠᠤᠯᠢᠵᠢᠭᠤᠯᠤᠨ ᠪᠠᠶᠢᠩᠭᠤᠵᠢᠭᠤᠯᠬᠤ ᠶᠢ ᠠᠬᠢᠭᠤᠯᠬᠤ ᠲᠠᠢ ᠤᠶᠠᠯᠳᠤᠭᠤᠯᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠬᠡᠷᠡᠭᠲᠡᠢ᠃ ᠢᠰᠯᠠᠮ ᠤᠨ ᠱᠠᠰᠢᠨ ᠢ ᠳᠤᠮᠳᠠᠳᠤ ᠤᠯᠤᠰᠴᠢᠯᠠᠬᠤ ᠶᠢ ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠪᠦᠲᠦᠮᠵᠢᠲᠡᠢ ᠵᠠᠰᠠᠬᠤ ᠬᠡᠷᠡᠭᠲᠡᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠠᠳᠬᠤᠵᠤ᠂ ᠬᠢᠯᠪᠠᠷ ᠪᠤᠰᠤ ᠪᠠᠷ ᠢᠷᠡᠭᠰᠡᠨ ᠨᠡᠶᠢᠭᠡᠮ ᠤᠨ ᠲᠣᠭᠲᠠᠭᠤᠨ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠥ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠭᠠᠷᠭᠠᠭᠰᠠᠨ ᠴᠤ ᠲᠡᠷᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠭᠠᠷᠭᠠᠭᠰᠠᠨ ᠴᠤ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠷᠠᠭᠤᠯᠬᠤ ᠳᠤ ᠠᠰᠢᠭᠲᠠᠢ ᠪᠠᠶᠢᠬᠤ ᠡᠰᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠷᠠᠭᠤᠯᠬᠤ ᠳᠤ ᠠᠰᠢᠭᠲᠠᠢ ᠪᠠᠶᠢᠬᠤ ᠡᠰᠡᠬᠦ ᠶᠢ ᠲᠡᠷᠢᠭᠦᠨ ᠴᠢᠬᠤᠯᠠ ᠪᠣᠳᠣᠯᠬᠢᠯᠠᠯ ᠪᠣᠯᠭᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠡᠷᠡᠰ ᠬᠡᠷᠡᠭᠵᠢᠭᠦᠯᠵᠦ᠂ ᠤᠯᠠᠨ ᠲᠦᠮᠡᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠤᠬᠠᠮᠰᠠᠷ ᠪᠣᠯᠤᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠵᠥᠪ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠤᠳᠤ ᠦᠶ᠎ᠡ ᠶᠢᠨ ᠪᠣᠯᠪᠠᠰᠤᠨ ᠤ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠵᠤ᠂ ᠲᠡᠳᠡᠨ ᠢ ᠬᠦᠳᠦᠯᠦᠨ ᠵᠢᠯᠣᠭᠤᠳᠴᠤ ᠪᠠᠶᠢᠭᠠᠳ ᠤᠳᠤ ᠦᠶ᠎ᠡ ᠶᠢᠨ ᠪᠣᠯᠪᠠᠰᠤᠨ ᠠᠮᠢᠳᠤᠷᠠᠯ ᠳᠤ ᠢᠳᠡᠪᠬᠢᠲᠡᠢ ᠠᠭᠤᠰᠤᠯᠴᠠᠭᠤᠯᠬᠤ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠢᠳᠡᠪᠬᠢᠲᠡᠢ ᠠᠬᠢᠭᠤᠯᠵᠤ᠂ ᠬᠥᠮᠦᠨ ᠠᠮᠠ ᠪᠣᠯᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠷᠢᠯᠴᠠᠨ ᠰᠢᠬᠢᠳᠭᠡᠯ  ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠶᠠᠩ ᠳᠤ ᠰᠢᠨ᠎ᠡ ᠠᠵᠠ ᠲᠣᠬᠢᠶᠠᠯ ᠲᠤᠯᠭᠠᠷᠠᠵᠤ ᠪᠤᠢ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠢᠨᠵᠢᠶᠠᠩ ᠤᠨ ᠣᠨᠴᠠᠯᠢᠭ ᠪᠣᠯᠤᠨ ᠳᠠᠪᠠᠭᠤᠯᠢᠭ ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠢᠨᠵᠢᠶᠠᠩ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ᠪᠦᠬᠦ ᠤᠯᠤᠰ ᠲᠠᠢ ᠬᠠᠮᠲᠤ ᠪᠠᠷ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠡᠷᠡᠭᠲᠡᠢ᠃ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠬᠠᠮᠤᠭ ᠤᠨ ᠬᠠᠲᠠᠭᠤ ᠪᠡᠷᠬᠡ ᠡᠭᠦᠷᠭᠡ ᠨᠢ ᠬᠥᠳᠡᠭᠡ ᠲᠣᠰᠬᠤᠨ ᠳᠤ ᠪᠤᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠦᠨ ᠥᠷᠭᠡᠳᠭᠡᠬᠦ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠠᠵᠤ ᠠᠬᠤᠶ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠤᠰᠤᠨ ᠤ ᠡᠬᠢ ᠪᠠᠶᠠᠯᠢᠭ ᠢ ᠰᠢᠯᠢᠳᠡᠭᠵᠢᠬᠦᠯᠦᠨ ᠲᠣᠬᠢᠷᠠᠭᠤᠯᠬᠤ ᠶᠢ ᠴᠢᠩᠭᠠᠳᠬᠠᠵᠤ᠂ ᠣᠲᠣ ᠦᠶ᠎ᠡ ᠶᠢᠨ ᠲᠠᠷᠢᠶᠠᠯᠠᠩ ᠪᠣᠯᠤᠨ ᠬᠡᠷᠡᠯᠴᠢ ᠴᠡᠨᠡᠭ ᠵᠡᠷᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠶ ᠬᠥᠭᠵᠢᠭᠦᠯᠵᠦ᠂ ᠡᠬᠢ ᠪᠠᠶᠠᠯᠢᠭ ᠤᠨ ᠲᠥᠷᠥᠯᠬᠢ ᠴᠢᠳᠠᠪᠤᠷᠢ ᠶᠢ ᠦᠨᠳᠦᠰᠦᠯᠡᠨ᠂ ᠰᠢᠨ᠎ᠡ ᠨᠡᠮᠡᠭᠳᠡᠯ ᠤᠨ ᠲᠦᠢᠯ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ ᠠᠵᠢᠯ ᠲᠦᠷᠦᠯ ᠢᠶᠠᠷ ᠲᠤᠰᠠᠯᠠᠬᠤ ᠠᠵᠢᠯ ᠢ ᠰᠠᠶᠢᠲᠤᠷ ᠬᠢᠵᠦ᠂ ᠰᠢᠨᠵᠢᠶᠠᠩ ᠬᠢᠭᠡᠳ ᠳᠣᠲᠣᠷ᠎ᠠ ᠭᠠᠵᠠᠷ ᠤᠨ ᠠᠵᠤ ᠦᠢᠯᠡᠰ ᠤᠨ ᠬᠠᠮᠲᠤᠷᠠᠯᠴᠠᠭ᠎ᠠ᠂ ᠬᠥᠮᠦᠰ ᠤᠨ ᠶᠠᠪᠤᠯᠴᠠᠭ᠎ᠠ ᠶᠢ ᠴᠢᠩᠭᠠᠳᠬᠠᠨ᠂ ᠰᠢᠨᠵᠢᠶᠠᠩ ᠤᠨ ᠤᠯᠠᠨ ᠲᠦᠮᠡᠨ ᠤ ᠳᠣᠲᠣᠷ᠎ᠠ ᠭᠠᠵᠠᠷ ᠲᠤ ᠣᠴᠢᠵᠤ ᠠᠵᠢᠯ ᠤᠯᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠳᠣᠲᠣᠷ᠎ᠠ ᠭᠠᠵᠠᠷ ᠤᠨ ᠬᠥᠮᠦᠨ ᠠᠮᠠ ᠶᠢᠨ ᠰᠢᠨᠵᠢᠶᠠᠩ ᠳᠤ ᠣᠴᠢᠵᠤ ᠦᠢᠯᠡᠰ ᠪᠤᠰᠬᠠᠬᠤ᠂ ᠣᠷᠣᠰᠢᠨ ᠰᠠᠭᠤᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠰᠢᠨᠵᠢᠶᠠᠩ ᠤᠨ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠪᠣᠳᠠᠲᠠᠢ ᠠᠴᠠ ᠡᠭᠦᠰᠦᠨ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠠᠳᠬᠤᠵᠤ᠂ ︽ᠨᠢᠭᠡ ᠪᠦᠰᠡ ᠨᠢᠭᠡ ᠵᠠᠮ︾ ᠤᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠨᠵᠢᠶᠠᠩ ᠢ ᠮᠠᠨ ᠤ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃       ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠳᠤ ᠠᠵᠢᠯ ᠤᠨ ᠬᠦᠴᠦᠨ ᠢ ᠦᠨᠳᠦᠰᠦᠨ ᠱᠠᠲᠤᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯᠤᠨ ᠠᠵᠢᠯ ᠤᠨ ᠬᠦᠴᠦᠨ ᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠬᠦᠴᠦᠨ ᠢ ᠲᠡᠭᠦᠯᠳᠡᠷᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠵᠠᠷᠢᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠷᠣᠢ ᠪᠠᠭᠤᠷᠠᠢ ᠰᠤᠯᠠ ᠵᠠᠳᠠᠭᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ ᠭᠤᠣᠯᠳᠠᠯᠭ᠎ᠠ ᠲᠠᠢ ᠬᠥᠳᠡᠭᠡ ᠲᠣᠰᠬᠤᠨ ᠳᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠰᠣᠩᠭᠤᠨ ᠲᠣᠮᠢᠯᠠᠬᠤ ᠲᠦᠷᠢᠮ ᠢ ᠰᠢᠯᠢᠳᠡᠭᠵᠢᠭᠦᠯᠵᠦ᠂ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢ ᠲᠣᠮᠢᠯᠠᠵᠤ᠂ ᠲᠤᠬᠠᠢ ᠶᠢᠨ ᠭᠠᠵᠠᠷ ᠤᠨ ᠺᠠᠳ᠋ᠷ ᠢ ᠬᠥᠮᠦᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠤᠯᠠᠨ ᠲᠦᠮᠡᠨ ᠤ ᠬᠦᠴᠢᠷᠳᠡᠯ ᠪᠠ ᠵᠥᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠢᠨᠵᠢᠶᠠᠩ ᠤᠨ ᠨᠡᠭᠡᠭᠡᠯᠲᠡ ᠲᠠᠢ ᠢᠲᠡᠭᠡᠯ ᠲᠠᠢ ᠰᠢᠨ᠎ᠡ ᠳᠦᠷᠢ ᠲᠦᠷᠬᠦ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠣᠯᠠᠨ ᠠᠷᠭ᠎ᠠ ᠵᠠᠮ ᠣᠯᠠᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠰᠢᠨᠵᠢᠶᠠᠩ ᠤᠨ ᠦᠯᠢᠭᠡᠷ ᠢ ᠰᠠᠶᠢᠲᠤᠷ ᠶᠠᠷᠢᠵᠤ᠂ ᠡᠯ᠎ᠡ ᠵᠦᠢᠯ ᠤᠨ ᠦᠨᠡᠨ ᠪᠤᠰᠤ ᠶᠠᠷᠢᠶ᠎ᠠ ᠬᠡᠯᠡᠯᠴᠡᠭᠡ᠂ ᠨᠠᠵᠠᠭᠠᠶ ᠶᠠᠷᠢᠶ᠎ᠠ ᠬᠡᠯᠡᠯᠴᠡᠭᠡ᠂ ᠬᠤᠤᠷᠲᠠᠶ ᠶᠠᠷᠢᠶ᠎ᠠ ᠬᠡᠯᠡᠯᠴᠡᠭᠡ ᠶᠢ ᠬᠠᠨᠳᠤᠯᠭᠠᠳᠤ ᠴᠢᠨᠠᠷᠲᠠᠶ ᠪᠠᠷ ᠪᠤᠷᠤᠭᠤᠰᠢᠶᠠᠨ ᠨᠢᠴᠤᠭᠠᠬᠤ ᠬᠡᠷᠡᠭᠲᠡᠶ᠃ ᠰᠢᠨᠵᠢᠶᠠᠩ ᠤᠨ ᠵᠢᠭᠤᠯᠴᠢᠯᠠᠯ ᠤᠨ ᠨᠡᠭᠡᠭᠡᠯᠳᠡ ᠬᠢᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠰᠢᠨᠵᠢᠶᠠᠩ ᠳᠤ ᠣᠴᠢᠵᠤ ᠵᠢᠭᠤᠯᠴᠢᠯᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ᠂ ᠴᠡᠷᠢᠭ ᠠᠩᠬᠢ ᠪᠠ ᠣᠷᠣᠨ ᠨᠤᠲᠤᠭ ᠨᠢᠭᠡ ᠬᠥᠯᠭᠡ ᠰᠢᠳᠠᠷ᠎ᠠ ᠪᠣᠯᠬᠤ ᠶᠢ ᠪᠠᠷᠢᠮᠲᠠᠯᠠᠵᠤ᠂ ᠰᠦᠷᠳᠡᠭᠦᠯᠦ᠋ᠯ ᠢ ᠡᠰᠡᠷᠭᠦᠴᠡᠵᠦ ᠲᠣᠭᠲᠠᠭᠤᠨ ᠢ ᠬᠠᠮᠠᠭᠠᠯᠠᠬᠤ᠂ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ᠂ ᠺᠠᠳ᠋ᠷ ᠴᠢᠳᠠᠪᠤᠷᠢᠲᠠᠨ ᠵᠡᠷᠭᠡ ᠲᠠᠯ᠎ᠠ ᠪᠠᠷ ᠠᠭᠤᠰᠤᠯᠴᠠᠬᠤ ᠡᠷᠴᠢᠮ ᠢᠶᠠᠨ ᠴᠢᠩᠭᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠲᠦᠷᠭᠡᠳᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠳᠤ ᠪᠠᠶᠢᠨ᠎ᠠ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠬᠤ ᠬᠡᠷᠡᠭᠲᠡᠢ᠃ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠠᠬᠢᠭᠤᠯᠵᠤ᠂ ᠰᠢᠨᠵᠢᠶᠠᠩ ᠤᠨ ᠪᠣᠳᠠᠲᠠᠢ ᠲᠠᠢ ᠤᠶᠠᠯᠳᠤᠭᠤᠯᠤᠨ ᠺᠠᠳ᠋ᠷ ᠤᠨ ᠡᠩᠨᠡᠭᠡᠨ ᠤ ᠤᠨᠤᠯ ᠤᠨ ᠰᠤᠷᠤᠯᠴᠠᠯᠭ᠎ᠠ ᠪᠠ ᠲᠦᠷᠦ ᠶᠢᠨ ᠪᠤᠳᠤᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠪᠠᠶᠢᠴᠠᠭᠠᠨ ᠰᠤᠳᠤᠯᠤᠯᠲᠠ ᠬᠢᠬᠦ᠂ ᠲᠦᠷᠦ ᠶᠢᠨ ᠪᠤᠳᠤᠯᠭ᠎ᠠ ᠶᠢ ᠡᠵᠡᠮᠳᠡᠬᠦ᠂ ᠠᠵᠢᠯ ᠢ ᠠᠬᠢᠭᠤᠯᠬᠤ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠬᠤ ᠬᠡᠷᠡᠭᠳᠡᠢ᠃ ᠰᠢᠨᠵᠢᠶᠠᠩ ᠪᠣᠯᠤᠨ ᠲᠥᠪ ᠤᠨ ᠲᠦᠷᠦ ᠶᠢᠨ ᠪᠠᠶᠢᠭᠤᠯᠭ᠎ᠠ ᠪᠠ ᠳᠣᠲᠣᠷ᠎ᠠ ᠭᠠᠵᠠᠷ ᠤᠨ ᠺᠠᠳ᠋ᠷ ᠯᠤᠭ᠎ᠠ ᠶᠢᠨ ᠬᠤᠣᠰ ᠴᠢᠭᠯᠡᠯ ᠢᠶᠠᠷ ᠰᠣᠯᠢᠯᠴᠠᠬᠤ᠂ ᠲᠦᠷ ᠴᠠᠭ ᠲᠤᠰᠢᠶᠠᠯ ᠬᠠᠪᠰᠤᠷᠭᠠᠵᠦ ᠲᠤᠰᠢᠶᠠᠯ ᠡᠭᠦᠷᠭᠡᠯᠡᠬᠦ ᠶᠢ ᠴᠢᠩᠭᠠᠳᠬᠠᠵᠤ᠂ ᠺᠠᠳ᠋ᠷ ᠤᠨ ᠪᠦᠲᠦᠴᠡ ᠶᠢ  ᠰᠢᠯᠢᠳᠡᠭᠵᠢᠬᠦᠯᠦᠨ᠂ ᠲᠤᠰᠬᠠᠶᠢᠵᠢᠭᠰᠠᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠳᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠠᠷᠢᠭᠤ ᠮᠡᠳᠡᠬᠦᠯᠦᠯᠳᠡ ᠶᠢᠨ ᠬᠤᠷᠠᠯ ᠳᠤ ᠣᠷᠣᠯᠴᠠᠪᠠ᠃       ᠸᠠᠩ ᠢ᠂ ᠱᠢ ᠲᠠᠢ ᠹᠧᠩ᠂ ᠯᠢ ᠭᠠᠨ ᠵᠢᠶᠧ᠂ ᠾᠧ ᠸᠧᠢ ᠳ᠋ᠦᠩ᠂ ᠾᠧ ᠯᠢ ᠹᠧᠩ᠂ ᠴᠧᠨ ᠸᠧᠨ ᠴᠢᠩ᠂ ᠸᠠᠩ ᠰᠢᠶᠤᠤ ᠬᠤᠩ ᠵᠢᠴᠢ ᠭᠤᠣᠯ ᠰᠡᠳᠦᠪᠲᠦ ᠬᠥᠮᠦᠵᠢᠯ ᠤᠨ ᠲᠥᠪ ᠤᠨ ᠠᠷᠪᠠᠨ ᠲᠠᠪᠤᠳᠤᠭᠠᠷ ᠵᠢᠯᠣᠭᠤᠳᠬᠤ ᠳᠤᠭᠤᠶᠢᠯᠠᠩ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠭᠤ ᠮᠡᠳᠡᠬᠦᠯᠦᠯᠳᠡ ᠶᠢᠨ ᠬᠤᠷᠠᠯ ᠳᠤ ᠣᠷᠣᠯᠴᠠᠵᠠᠢ᠃    
ᠢᠷᠡᠯᠲᠡ᠄ ᠤᠷᠳᠤᠰ ᠤᠨ ᠡᠳᠤᠷ ᠤᠨ ᠰᠤᠨᠢᠨ