​ ᠯᠢ ᠯᠢ ᠡᠩᠭᠡᠪᠡᠢ ᠶᠢᠨ ᠠᠮᠢ ᠠᠬᠤᠢ ᠶᠢᠨ ᠲᠠᠭᠤᠷᠢᠶᠠᠯ ᠦᠵᠡᠭᠦᠯᠭᠦ ᠤᠷᠤᠨ ᠳᠤ ᠪᠠᠶᠢᠴᠠᠭᠠᠨ ᠰᠤᠳᠤᠯᠤᠯᠳᠠ ᠭᠢᠪᠡ
ᠨᠡᠶᠢᠲᠡᠯᠡᠭᠰᠡᠨ ᠴᠠᠭ᠄
2023/8/31
      ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳᠠᠯᠠᠳ ᠬᠤᠰᠢᠭᠤᠨ ᠤ ᠡᠩᠬᠡᠪᠡᠢ ᠶᠢᠨ ᠠᠮᠢ ᠠᠬᠤᠶ ᠶᠢᠨ ᠲᠠᠭᠤᠷᠢᠶᠠᠯ ᠦᠵᠡᠭᠦᠯᠭᠦ ᠣᠷᠣᠨ ᠤ ᠡᠯᠡᠰᠦᠨ ᠴᠦᠯ ᠤᠨ ᠠᠮᠢ ᠠᠬᠤᠢ ᠶᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ 

8.31李理在恩格贝调研1.jpg

  

       ᠡᠩᠬᠡᠪᠡᠢ ᠶᠢᠨ ᠡᠯᠡᠰᠦᠨ ᠴᠦᠯ ᠤᠨ ᠰᠢᠨᠵᠢᠯᠡᠬᠦ ᠤᠬᠠᠭᠠᠨ ᠤ ᠣᠷᠳᠣᠨ᠂ ᠡᠯᠡᠰᠦᠨ ᠴᠦᠯ ᠤᠨ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠦᠵᠡᠭᠦᠯᠭᠡ ᠶᠢᠨ ᠲᠥᠪ ᠪᠠ ᠲᠠᠯ᠎ᠠ ᠰᠠᠷᠠᠨ ᠨᠠᠭᠤᠷ ᠲᠤ᠂ ᠯᠢ ᠯᠢ ᠶᠠᠪᠤᠬᠤ ᠶᠢᠨ ᠳᠠᠭᠠᠤ ᠦᠵᠡᠵᠦ᠂ ᠲᠠᠭᠤᠷᠢᠶᠠᠯ ᠦᠵᠡᠭᠦᠯᠭᠦ ᠤᠷᠤᠨ ᠤ

ᠬᠥᠭᠵᠢᠯᠲᠡ ᠶᠢᠨ  ᠲᠦᠯᠦᠪᠵᠢᠬᠦᠯᠬᠡ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠵᠤ  ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠶ

ᠲᠠᠨᠢᠯᠴᠠᠭᠤᠯᠭ᠎ᠠ ᠶᠢ ᠨᠠᠷᠢᠨ ᠭᠢᠨᠠᠮᠠᠭᠠᠢ ᠰᠤᠨᠤᠰᠪᠠ᠃ ᠲᠡᠷᠡ ᠡᠩᠭᠡᠪᠡᠢ ᠶᠢᠨ ᠠᠮᠢ ᠠᠬᠤᠢ ᠶᠢᠨ ᠲᠠᠭᠤᠷᠢᠶᠠᠯ ᠦᠵᠡᠭᠦᠯᠬᠦ ᠤᠷᠤᠨ ᠤ ᠬᠢᠨ ᠰᠢ ᠶᠢᠨ ᠫᠢᠩ ᠤᠨ ᠠᠮᠢ

ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠭᠢᠯᠠᠨ᠂ ᠪᠣᠬᠢᠷᠲᠤᠯ ᠦᠭᠡᠶ

ᠬᠦ᠋ᠭᠵᠢᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠲᠡᠶᠢᠯᠠᠯᠳᠤᠭᠠᠨ ᠢ ᠰᠠᠶᠢᠳᠤᠷ ᠭᠢᠭᠦ

ᠬᠠᠷᠠᠯᠲᠠ ᠶᠢᠨ ᠲᠤᠭᠤᠷᠢᠨ ᠳᠤ᠂ ᠠᠮᠢ ᠠᠬᠤᠶ ᠶᠢᠨ ᠳᠠᠭᠤᠷᠢᠶᠠᠯ ᠦᠵᠡᠭᠦᠯᠬᠦ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠪᠠᠶᠢᠷᠢ ᠲᠤᠬᠳᠠᠭᠠᠯᠳᠠ ᠪᠠᠨ

ᠤᠨᠤᠪᠴᠢᠳᠠᠢ ᠡᠷᠢᠨ ᠤᠯᠵᠤ᠂ ᠠᠮᠢ ᠠᠬᠤᠶ ᠶᠢ ᠰᠡᠷᠭᠦᠭᠡᠨ ᠵᠠᠰᠠᠬᠤ᠂ ᠠᠵᠤ ᠦᠢᠯᠡᠰ ᠢ ᠭᠦᠭᠵᠢᠭᠦᠯᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ᠂

ᠰᠤᠶᠤᠯ ᠵᠤᠭᠠᠴᠠᠯ ᠵᠡᠷᠭᠡ ᠶᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠢᠵᠤ᠂ ᠮᠠᠨ ᠤ ᠬᠤᠲᠠ ᠶᠢᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ

ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠵᠢᠯᠲᠠ ᠪᠦᠳᠦᠮᠵᠢ ᠪᠠ ᠲᠤᠷᠰᠢᠯᠭ᠎ᠠ ᠶᠢ ᠰᠠᠶᠢᠳᠤᠷ ᠳ᠋ᠦᠡᠭᠨᠡᠵᠤ᠂ ᠲᠠᠭᠤᠷᠢᠶᠠᠯ ᠦᠵᠡᠭᠦᠯᠭᠦ ᠦᠢᠯᠡᠳᠦᠯ ᠢ

ᠦᠨᠡᠨ ᠭᠦ ᠪᠠᠳᠠᠷᠠᠭᠤᠯᠬᠤ ᠭᠡᠷᠡᠭᠳᠡᠢ᠃ ᠣᠯᠠᠨ ᠡᠰᠢᠲᠦ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠪᠤᠰᠤᠳ ᠭᠠᠵᠠᠷ ᠣᠷᠣᠨ ᠤ ᠲᠡᠷᠢᠭᠦᠨ ᠤ

ᠲᠤᠷᠰᠢᠯᠭ᠎ᠠ᠂ ᠠᠷᠭ᠎ᠠ ᠪᠠᠷᠢᠯ ᠢ ᠰᠠᠨᠠᠭᠠᠴᠢᠯᠠᠭ᠎ᠠ ᠠᠴᠠ ᠪᠠᠨ ᠰᠤᠷᠴᠤ᠂ ᠲᠠᠭᠤᠷᠢᠶᠠᠯ ᠦᠵᠡᠭᠦᠯᠬᠦ ᠣᠷᠣᠨ ᠤ ᠬᠠᠮᠢᠶᠠᠷᠤᠯᠲᠠ ᠡᠵᠡᠩᠨᠡᠯᠲᠡ ᠶᠢᠨ ᠬᠢᠷᠢ ᠲᠦᠪᠰᠢᠨ ᠢ

ᠪᠦᠭᠦ ᠲᠠᠯ᠎ᠠ ᠪᠠᠷ ᠲᠡᠭᠡᠭᠰᠢᠯᠡᠭᠦᠯᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠤᠷᠭᠠᠨᠢᠭ

ᠨᠢᠭᠡᠳᠦᠯ ᠢ ᠴᠢᠷᠮᠠᠶᠢᠨ ᠪᠡᠶᠡᠯᠡᠭᠦᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠡᠳᠤ ᠴᠤᠬᠴᠠᠯᠠᠨ᠂

ᠤᠯᠤᠰ ᠤᠨ ᠠᠮᠢ ᠠᠬᠤᠢ ᠶᠢᠨ ᠵᠠᠰᠠᠯᠲᠠ ᠶᠢᠨ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠭᠡᠷᠡᠭᠳᠡᠢ ᠭᠡᠪᠡ᠃

       8.31李理在恩格贝调研2.jpg

      

      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠹᠧᠩ ᠶᠦᠨ ᠪᠠᠶᠢᠴᠠᠭᠠᠨ ᠰᠤᠳᠤᠯᠤᠯᠲᠠ ᠳᠤ

ᠣᠷᠣᠯᠴᠠᠪᠠ᠃

  

 

ᠢᠷᠡᠯᠲᠡ᠄ ᠤᠷᠳᠤᠰ ᠤᠨ ᠡᠳᠤᠷ ᠤᠨ ᠰᠤᠨᠢᠨ