ᠲᠥᠮᠥᠰᠥ ᠶᠢᠨ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠭᠤᠣᠯᠳᠠᠯᠭ᠎ᠠ — ᠲᠥᠮᠥᠰᠥ ᠶᠢ ᠬᠤᠷᠢᠶᠠᠵᠤ ᠬᠠᠳᠠᠭᠠᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/8/31
       ᠮᠠᠰᠢᠨ ᠢᠶᠠᠷ ᠬᠤᠷᠢᠶᠠᠬᠤ ᠳᠤ ᠬᠤᠷᠢᠶᠠᠬᠤ ᠠᠴᠠ ᠨᠢᠭᠡ ᠭᠠᠷᠠᠭ ᠤᠨ ᠡᠮᠦᠨ᠎ᠡ ᠮᠠᠰᠢᠨ ᠢᠶᠠᠷ ᠴᠢᠬᠢ ᠠᠯᠠᠵᠤ᠂ ᠲᠥᠮᠥᠰᠥ ᠶᠢᠨ ᠬᠠᠯᠢᠰᠤᠨ ᠤ ᠦᠵᠢᠷᠡᠬᠦ ᠶᠢ ᠠᠬᠢᠭᠤᠯᠤᠨ᠎ᠠ᠃ ᠬᠤᠷᠢᠶᠠᠬᠤ ᠳᠠᠭᠠᠨ ᠮᠠᠰᠢᠨ ᠢᠶᠠᠷ ᠭᠡᠮᠳᠦᠭᠡᠬᠦ᠂ ᠰᠠᠯᠬᠢᠨ ᠳᠤ ᠦᠯᠢᠶᠡᠭᠳᠡᠵᠦ ᠪᠣᠷᠣᠭᠠᠨ ᠳᠤ ᠨᠣᠷᠣᠭᠳᠠᠬᠤ᠂ ᠨᠡᠷᠡᠨ ᠳᠤ ᠰᠢᠷᠠᠭᠳᠠᠬᠤ ᠪᠠ ᠬᠥᠯᠳᠡᠬᠦ ᠠᠴᠠ ᠵᠠᠶᠢᠯᠠᠰᠬᠢᠬᠦ ᠶᠢᠨ ᠬᠠᠮᠲᠤ ᠡᠪᠡᠳᠴᠢᠨ ᠪᠠ ᠢᠯᠵᠢᠷᠡᠭᠰᠡᠨ ᠲᠥᠮᠥᠰᠥ ᠶᠢ ᠨᠢ ᠠᠪᠴᠤ ᠬᠠᠶᠠᠭᠠᠳ ᠬᠠᠳᠠᠭᠠᠯᠠᠵᠤ ᠲᠡᠭᠡᠭᠡᠪᠦᠷᠢᠯᠡᠬᠦ ᠳᠤ ᠠᠰᠢᠭᠲᠠᠢ ᠪᠣᠯᠭᠠᠨ᠎ᠠ᠃        ᠵᠣᠭᠤᠷᠢᠨ ᠳᠤ ᠣᠷᠣᠬᠤ ᠠᠴᠠ ᠡᠮᠦᠨ᠎ᠡ ᠭᠠᠵᠠᠷ ᠤᠨ ᠭᠠᠳᠠᠷᠭᠤ ᠳᠤ ᠪᠠᠺᠲ᠋ᠧᠷᠢ ᠠᠯᠠᠬᠤ ᠡᠮ ᠪᠤᠶᠤ ᠡᠮ ᠢᠶᠠᠷ ᠤᠳᠤᠵᠤ ᠲᠦᠢᠯᠪᠤᠷᠢᠲᠠᠢ ᠠᠷᠢᠭᠤᠳᠬᠠᠨ ᠪᠠᠺᠲ᠋ᠧᠷᠢ ᠶᠢ ᠤᠰᠠᠳᠬᠠᠵᠤ᠂ ᠨᠢᠭᠡ ᠭᠠᠷᠠᠭ ᠪᠢᠲᠡᠭᠦᠮᠵᠢᠯᠡᠭᠰᠡᠨ ᠤ ᠳᠠᠷᠠᠭ᠎ᠠ ᠰᠠᠯᠬᠢ ᠨᠡᠪᠲᠡᠷᠡᠭᠦᠯᠦᠨ᠎ᠡ᠃ ᠲᠥᠮᠥᠰᠥ ᠶᠢ ᠵᠣᠭᠤᠷᠢᠨ ᠳᠤ ᠣᠷᠣᠭᠤᠯᠬᠤ ᠠᠴᠠ ᠡᠮᠦᠨ᠎ᠡ 5~7 ᠡᠳᠦᠷ ᠤᠷᠢᠳᠴᠢᠯᠠᠨ ᠬᠠᠳᠠᠭᠠᠯᠠᠵᠤ᠂ ᠲᠥᠮᠥᠰᠥ ᠶᠢᠨ ᠬᠠᠯᠢᠰᠤ ᠶᠢ ᠦᠵᠢᠷᠡᠭᠦᠯᠵᠦ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠂ ᠡᠪᠡᠳᠴᠢᠨ ᠲᠠᠢ ᠲᠥᠮᠥᠰᠥ ᠢᠯᠵᠢᠷᠡᠭᠰᠡᠨ ᠲᠥᠮᠥᠰᠥ ᠶᠢ ᠠᠷᠢᠯᠭᠠᠨ᠎ᠠ᠃ ᠬᠠᠳᠠᠭᠠᠯᠠᠬᠤ ᠬᠡᠮᠵᠢᠶ᠎ᠡ ᠶᠢ ᠵᠣᠭᠤᠷᠢ ︵ᠬᠦᠮᠦᠷᠭᠡ︶ ᠶᠢᠨ ᠪᠠᠭᠲᠠᠭᠠᠮᠵᠢ ᠶᠢᠨ 2/3 ᠳᠤ ᠬᠢᠵᠠᠭᠠᠷᠯᠠᠨ᠎ᠠ᠃ ᠠᠭᠠᠷ ᠲᠣᠬᠢᠷᠠᠭᠤᠯᠬᠤ ᠬᠥᠮᠥᠷᠭᠡ ᠶᠢᠨ ᠵᠣᠭᠤᠷᠢᠨ ᠳᠤ ᠣᠷᠣᠭᠤᠯᠬᠤ ᠡᠬᠢᠨ ᠤ ᠬᠤᠭᠤᠴᠠᠭᠠᠨ ᠳᠤ ᠵᠣᠭᠤᠷᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠦᠳᠲᠡᠷ ᠲᠦᠷᠭᠡᠨ ᠢᠶᠠᠷ 10~13℃ ᠪᠣᠯᠲᠠᠯ᠎ᠠ ᠪᠠᠭᠤᠷᠠᠭᠤᠯᠬᠤ ᠶᠢᠨ ᠬᠠᠮᠲᠤ 15~20 ᠡᠳᠦᠷ ᠪᠠᠶᠢᠯᠭᠠᠨ᠎ᠠ᠂ ᠡᠭᠦᠨ ᠤ ᠳᠠᠷᠠᠭ᠎ᠠ ᠵᠣᠭᠤᠷᠢ ᠶᠢᠨ ᠳᠤᠯᠠᠭᠠᠨ ᠤ ᠬᠡᠮᠵᠢᠶ᠎ᠡ ᠶᠢ ᠠᠭᠠᠵᠢᠮ ᠢᠶᠠᠷ 2~4℃ ᠪᠣᠯᠲᠠᠯ᠎ᠠ ᠪᠠᠭᠤᠷᠠᠭᠤᠯᠵᠤ᠂ ᠬᠠᠷᠢᠴᠠᠩᠭᠤᠢ ᠴᠢᠭᠢᠭᠯᠢᠭ ᠤᠨ ᠬᠡᠮᠵᠢᠶ᠎ᠡ ᠶᠢ 85%~ 93% ᠪᠠᠶᠢᠯᠭᠠᠨ᠎ᠠ᠃ ᠬᠠᠳᠠᠭᠠᠯᠠᠬᠤ ᠶᠠᠪᠤᠴᠠ ᠳᠤ ᠵᠣᠬᠢᠬᠤ ᠬᠡᠮᠵᠢᠶᠡᠨ ᠤ ᠰᠠᠯᠬᠢ ᠨᠡᠪᠲᠡᠷᠡᠭᠦᠯᠦᠨ ᠬᠥᠮᠥᠷᠭᠡ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠪᠠ ᠳᠤᠯᠠᠭᠠᠨ᠂ ᠴᠢᠭᠢᠭ ᠤᠨ ᠬᠡᠮᠵᠢᠶ᠎ᠡ ᠶᠢ ᠲᠣᠬᠢᠷᠠᠭᠤᠯᠵᠤ᠂ ᠲᠡᠭᠡᠭᠡᠪᠦᠷᠢᠯᠡᠬᠦ ᠶᠠᠪᠤᠴᠠ ᠳᠤ ᠰᠢᠬᠠᠭᠳᠠᠨ ᠳᠠᠷᠤᠭᠳᠠᠬᠤ ᠪᠠ ᠬᠥᠯᠳᠡᠵᠦ ᠰᠢᠷᠬᠠᠲᠤᠬᠤ ᠠᠴᠠ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃ 

4.png

    

ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ