ᠲᠥᠮᠥᠰᠥᠨ ᠤ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠭᠤᠣᠯᠳᠠᠯᠭ᠎ᠠ — ᠲᠠᠷᠢᠶ᠎ᠠ ᠲᠠᠩᠨᠠᠵᠤ ᠰᠢᠷᠣᠢ ᠨᠠᠮᠡᠬᠦ ᠵᠢᠴᠢ ᠡᠪᠡᠰᠦ ᠠᠷᠢᠯᠭᠠᠬᠤ
ᠨᠡᠶᠢᠲᠡᠯᠡᠭᠰᠡᠨ ᠴᠠᠭ᠄
2023/8/31
      ᠮᠠᠰᠢᠨᠴᠢᠯᠠᠯᠲᠠ ᠪᠠᠷ ᠤᠰᠤᠯᠠᠵᠤ ᠪᠣᠯᠬᠤ ᠲᠠᠷᠢᠶᠠᠨ ᠭᠠᠵᠠᠷ ᠲᠤ ᠰᠣᠶᠣᠭᠠᠯᠠᠵᠤ ᠪᠠᠶᠢᠭ᠎ᠠ ᠬᠤᠭᠤᠴᠠᠭᠠᠨ ᠳᠤ ᠠᠩᠬᠠᠳᠤᠭᠠᠷ ᠤᠳᠠᠭ᠎ᠠ ᠲᠠᠷᠢᠶ᠎ᠠ ᠲᠡᠩᠨᠡᠵᠦ ᠰᠢᠷᠣᠢ ᠨᠡᠮᠡᠬᠦ ᠦᠶ᠎ᠡ ᠳᠤ ᠶᠡᠷᠦ ᠶᠢᠨ ᠪᠠᠶᠢᠳᠠᠯ ᠳᠤ ᠳᠤᠰᠤᠯᠭᠠᠨ ᠤᠰᠤᠯᠠᠬᠤ ᠪᠦᠰᠡ ᠶᠢ ᠳᠡᠪᠢᠰᠴᠦ᠂ ᠰᠢᠷᠣᠢ ᠨᠡᠮᠡᠬᠦ ᠵᠤᠵᠠᠭᠠᠨ ᠤ ᠬᠡᠮᠵᠢᠶ᠎ᠡ ᠨᠢ 3~5 ᠰᠡᠨᠲ᠋ᠢᠮᠧᠲᠷ ᠪᠣᠯᠭᠠᠨ᠎ᠠ︔ ᠨᠠᠬᠢᠶᠠᠯᠠᠭᠰᠠᠨ ᠤ ᠳᠠᠷᠠᠭ᠎ᠠ ᠰᠠᠭᠤᠷᠢ ᠶᠢᠨ ᠥᠨᠳᠥᠷ ᠨᠢ 15~20 ᠰᠡᠨᠲ᠋ᠢᠮᠧᠲᠷ ᠳᠠᠯᠠᠩ ᠢ ᠪᠢᠲᠡᠭᠦᠮᠵᠢᠯᠡᠬᠦ ᠠᠴᠠ ᠡᠮᠦᠨ᠎ᠡ᠂ ᠴᠠᠭ ᠲᠤᠬᠠᠢ ᠳᠤᠨᠢ ᠬᠤᠶᠠᠳᠤᠭᠠᠷ ᠤᠳᠠᠭᠠᠨ ᠤ ᠲᠠᠷᠢᠶ᠎ᠠ ᠲᠠᠩᠨᠠᠵᠤ ᠰᠢᠷᠣᠢ ᠨᠡᠮᠡᠨ᠎ᠡ᠂ ᠰᠢᠷᠣᠢ ᠨᠡᠮᠡᠬᠦ ᠵᠤᠵᠠᠭᠠᠨ ᠤ ᠬᠡᠮᠵᠢᠶ᠎ᠡ ᠨᠢ 5~8 ᠰᠡᠨᠲ᠋ᠢᠮᠧᠲᠷ  ᠪᠣᠯᠭᠠᠵᠤ᠂ ᠨᠢᠭᠡᠨ ᠱᠠᠲᠤᠯᠵᠢᠨ ᠳᠠᠯᠠᠩ ᠤᠨ ᠲᠠᠯᠪᠢᠭᠤᠷ ᠢ ᠪᠣᠢ ᠪᠣᠯᠭᠠᠵᠤ᠂ ᠤᠷᠭᠤᠮᠠᠯ ᠤᠨ ᠳᠠᠯᠠᠩ ᠢ ᠪᠢᠲᠡᠭᠦᠮᠵᠢᠯᠡᠬᠦ ᠠᠴᠠ ᠡᠮᠦᠨ᠎ᠡ ᠰᠢᠷᠣᠢ ᠨᠡᠮᠡᠬᠦ ᠠᠵᠢᠯ ᠢ ᠬᠢᠵᠦ ᠳᠠᠭᠤᠰᠬᠠᠨ᠎ᠠ᠃       ᠤᠰᠤᠯᠠᠯᠲᠠ ᠶᠢᠨ ᠨᠥᠬᠦᠴᠡᠯ ᠦᠭᠡᠢ ᠬᠠᠭᠤᠷᠠᠢ ᠭᠠᠵᠠᠷ ᠲᠤ ᠠᠮᠢᠳᠤ ᠪᠣᠳᠠᠰ ᠤᠨ ᠵᠠᠳᠠᠷᠠᠯᠲᠠ ᠶᠢᠨ ᠪᠦᠷᠬᠦᠪᠴᠢ ᠪᠠᠷ ᠪᠦᠷᠬᠦᠵᠦ ᠴᠢᠬᠢᠭ ᠢ ᠵᠠᠪᠳᠤᠨ ᠲᠠᠷᠢᠬᠤ ᠳᠤ ᠰᠠᠨᠠᠭᠤᠯᠵᠤ᠂ ᠵᠢᠵᠢᠭ ᠥᠨᠳᠥᠷ ᠳᠠᠯᠠᠩ ᠤᠨ ᠮᠠᠰᠢᠨ ᠢᠶᠠᠷ ᠳᠠᠷᠢᠵᠤ᠂ ᠠᠩᠬᠠᠳᠤᠭᠠᠷ ᠤᠳᠠᠭ᠎ᠠ ᠲᠠᠷᠢᠶ᠎ᠠ ᠲᠡᠩᠨᠡᠵᠦ ᠰᠢᠷᠣᠢ ᠨᠡᠮᠡᠬᠦ ᠨᠢ ᠨᠢᠯᠬ᠎ᠠ ᠴᠢᠬᠢ ᠶᠢᠨ ᠣᠷᠣᠢ ᠳᠡᠭᠡᠷᠡᠬᠢ ᠰᠢᠷᠣᠢ ᠶᠢ 20%~30% ᠶᠢᠨ ᠦᠶ᠎ᠡ ᠳᠤ ᠬᠢᠵᠦ᠂ ᠰᠢᠷᠣᠢ ᠨᠡᠮᠡᠬᠦ ᠵᠤᠵᠠᠭᠠᠨ ᠤ ᠬᠡᠮᠵᠢᠶ᠎ᠡ ᠨᠢ 3~5 ᠰᠡᠨᠲ᠋ᠢᠮᠧᠲᠷ  ᠪᠣᠯᠭᠠᠨ᠎ᠠ︔ ᠬᠤᠶᠠᠳᠤᠭᠠᠷ ᠤᠳᠠᠭ᠎ᠠ ᠨᠢ ᠴᠣᠮᠤᠷᠯᠢᠭ ᠭᠠᠷᠬᠤ ᠠᠴᠠ ᠡᠮᠦᠨ᠎ᠡ ᠶᠠᠪᠤᠭᠳᠠᠭᠤᠯᠵᠤ᠂ ᠰᠢᠷᠣᠢ ᠨᠡᠮᠡᠬᠦ ᠵᠤᠵᠠᠭᠠᠨ ᠤ ᠬᠡᠮᠵᠢᠶ᠎ᠡ ᠨᠢ 6 ~ 8 ᠰᠡᠨᠲ᠋ᠢᠮᠧᠲᠷ ᠲᠣᠬᠢᠷᠠᠮᠵᠢᠲᠠᠢ᠂ ᠬᠤᠶᠠᠷ ᠤᠳᠠᠭᠠᠨ ᠤ ᠲᠠᠷᠢᠶ᠎ᠠ ᠲᠠᠩᠨᠠᠵᠦ ᠠᠮᠢᠳᠤ ᠪᠣᠳᠠᠰ ᠤᠨ ᠣᠷᠭᠠᠨᠢᠭ ᠪᠣᠷᠳᠣᠭᠤᠷ᠂ ᠠᠯᠭᠤᠷ ᠵᠠᠳᠠᠷᠠᠬᠤ ᠪᠣᠷᠳᠣᠭᠤᠷ ᠣᠷᠣᠭᠤᠯᠵᠤ᠂ ᠥᠰᠦᠯᠲᠡ ᠶᠢᠨ ᠳᠤᠮᠳᠠ ᠰᠡᠭᠦᠯᠴᠢ ᠶᠢᠨ ᠬᠤᠭᠤᠴᠠᠭᠠᠨ ᠳᠤ ᠨᠠᠪᠴᠢᠨ ᠤ ᠪᠢᠴᠢᠯ ᠪᠣᠷᠳᠣᠭᠤᠷ ᠪᠠ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠦᠷᠴᠢᠨ ᠣᠷᠣᠭᠤᠯᠵᠤ᠂ ᠪᠣᠷᠳᠣᠭᠤᠷ ᠠᠯᠳᠠᠭᠤᠯᠬᠤ ᠠᠴᠠ ᠰᠡᠷᠭᠡᠶᠢᠯᠡᠨ᠎ᠡ᠃       ᠲᠠᠷᠢᠶ᠎ᠠ ᠲᠠᠩᠨᠠᠬᠤ ᠨᠢ ᠲᠠᠷᠢᠶᠠᠨ ᠭᠠᠵᠠᠷ ᠤᠨ ᠬᠤᠭ ᠡᠪᠡᠰᠦ ᠶᠢ ᠡᠷᠲᠡ ᠭᠠᠷᠬᠤ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠂ ᠭᠡᠪᠡᠴᠦ ᠲᠠᠷᠢᠶᠠᠨ ᠭᠠᠵᠠᠷ ᠤᠨ ᠬᠤᠭ ᠡᠪᠡᠰᠦ ᠨᠢ ᠬᠦᠨᠳᠦ ᠨᠣᠴᠢᠲᠠᠢ ᠪᠤᠯᠪᠡᠯ ᠶᠡᠷᠦᠩᠬᠡᠢ ᠠᠰᠢᠭᠲᠤ ᠪᠦᠷᠢᠯᠳᠦᠭᠦᠨ ᠤ ᠠᠭᠤᠯᠤᠭᠳᠠᠴᠠ ᠶᠢᠨ 26% ᠶᠢᠨ ᠰᠦᠯᠹᠣᠨ . ᠺᠤᠶᠢᠨᠣᠯᠢᠨ . ᠠᠽᠢᠨ ᠡᠪᠡᠰᠦᠨ ᠺᠧᠲ᠋ᠣᠨ ︵ᠰᠢᠰᠤᠨ 6 ᠳ᠋ᠤᠭᠠᠷ ᠨᠣᠮᠧᠷᠲᠤ᠂ ᠠᠳ᠋ᠯᠠᠨᠲ ᠳᠠᠯᠠᠢ᠂ ᠮᠠᠶᠢᠺᠧᠨ ᠤ ᠡᠭᠦᠯᠳᠡᠷ ᠲᠤ ᠬᠡᠷᠡᠭᠯᠡᠬᠦ ︽ᠡᠪᠡᠰᠦ ᠠᠷᠢᠯᠭᠠᠬᠤ ᠦᠷᠢᠯ + ᠥᠨᠳᠥᠷ ᠠᠰᠢᠭᠲᠤ ᠡᠪᠡᠰᠦ ᠳᠠᠷᠤᠬᠤ ᠡᠨᠧᠷᠭᠢ︾ ︶ ᠢ ᠬᠡᠷᠡᠭᠯᠡᠵᠦ ᠪᠣᠯᠣᠨ᠎ᠠ᠂ ᠡᠷᠬᠡᠪᠰᠢ ᠲᠠᠷᠢᠶᠠᠨ ᠭᠠᠵᠠᠷ ᠤᠨ ᠲᠠᠯᠠᠪᠠᠢ ᠪᠣᠯᠣᠨ ᠡᠮ ᠤᠨ ᠬᠡᠮᠵᠢᠶ᠎ᠡ ᠶᠢ ᠪᠣᠳᠣᠬᠤ ᠳᠤ ︽ᠬᠤᠶᠠᠷ ᠣᠨᠣᠪᠴᠢᠲᠠᠶ︾ ᠪᠠᠶᠢᠵᠤ᠂ ᠡᠮ ᠤᠨ ᠥᠳᠬᠡᠴᠡ ᠶᠢᠨ ᠬᠡᠮᠵᠢᠶ᠎ᠡ ᠬᠡᠳᠦ ᠥᠨᠳᠥᠷ ᠪᠤᠶᠤ ᠬᠡᠳᠦ ᠳᠣᠣᠷ᠎ᠠ ᠪᠣᠯᠬᠤ ᠶᠢ ᠰᠡᠷᠭᠡᠶᠢᠯᠡᠬᠦ ᠬᠡᠷᠡᠭᠲᠡᠢ᠃ 

5.png

   

ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ