| ᠪᠠᠮᠠᠢ 13 ᠳ᠋ᠤᠭᠠᠷ ᠨᠣᠮᠧᠷ ᠨᠢ ᠶᠦᠩ 3119 ᠪᠠᠷ ᠡᠬᠡ ᠦᠨᠳᠦᠰᠦ ᠪᠣᠯᠭᠠᠵᠤ᠂ ᠯᠢᠨ ᠴᠦᠨ 1 ᠳ᠋ᠤᠭᠡᠷ ᠢᠶᠠᠷ ᠡᠴᠢᠭᠡ ᠦᠨᠳᠦᠰᠦ ᠪᠣᠯᠭᠠᠵᠤ᠂ | ᠡᠷᠯᠢᠰᠡᠵᠢᠭᠦᠯᠦᠨ ᠲᠣᠬᠢᠷᠠᠭᠤᠯᠬᠤ᠂ ᠰᠢᠯᠢᠳᠡᠭ ᠬᠤᠶᠢᠴᠢ ᠦᠶ᠎ᠡ ᠶᠢ ᠰᠣᠩᠭᠤᠬᠤ᠂ ᠰᠢᠯᠢᠳᠡᠭ ᠲᠣᠭᠲᠠᠭᠤᠨ ᠰᠦᠷᠦᠭᠵᠢᠯ ᠢ ᠰᠣᠩᠭᠤᠨ ᠪᠤᠶᠢᠵᠢᠭᠤᠯᠬᠤ ᠪᠠᠷ ᠳᠠᠮᠵᠢᠨ᠂ | ᠪᠠᠶᠠᠨᠨᠠᠭᠤᠷ ᠬᠤᠳᠠ ᠶᠢᠨ ᠲᠤᠰ ᠨᠤᠲᠤᠭ ᠤᠨ ᠬᠤᠣᠰ ᠬᠢᠨᠠᠨ ᠲᠣᠭᠲᠠᠭᠠᠭᠰᠠᠨ ᠲᠦᠷᠦᠯ ᠵᠦᠢᠯ ᠪᠤᠯᠠᠵᠠᠢ᠃ | ᠲᠤᠰ ᠡᠭᠦᠯᠳᠡᠷ ᠨᠢ ᠭᠤᠷᠪᠠᠨ ᠣᠨᠴᠠᠯᠢᠭ ᠲᠠᠢ᠄ | ᠨᠢᠭᠡ ᠳᠤ ᠤᠨᠠᠯᠲᠠ ᠪᠠᠷ ᠥᠨᠳᠥᠷ᠂ ᠤᠨᠠᠯᠲᠠ ᠲᠣᠭᠲᠠᠭᠤᠨ᠂ ᠵᠣᠬᠢᠴᠠᠬᠤ ᠴᠢᠨᠠᠷ ᠢᠶᠠᠷ ᠰᠠᠶᠢᠨ᠃ 2018 — 2020 ᠣᠨ ᠳᠤ ᠪᠠᠶᠠᠨᠨᠠᠭᠤᠷ | ᠬᠤᠲᠠ ᠳᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠦᠨ ᠲᠠᠷᠢᠵᠤ᠂ ᠤᠨᠠᠯᠲᠠ ᠨᠢ 565.79 — 580 ᠺᠢᠯᠣᠭ᠍ᠷᠠᠮ / ᠮᠦ᠂ ᠣᠯᠠᠨ ᠴᠡᠭ ᠶᠡᠭᠡ ᠬᠡᠪᠴᠢᠶ᠎ᠡ ᠪᠠᠷ | ᠳᠠᠷᠢᠬᠤ ᠳᠤᠮᠳᠠᠴᠢ ᠤᠨᠠᠯᠲᠠ ᠨᠢ ᠶᠦᠩ ᠯᠢᠶᠠᠩ 4 ᠳ᠋ᠤᠭᠡᠷ ᠨᠣᠮᠧᠷ ᠤᠨ ᠬᠢ ᠠᠴᠠ 5 — 10% ᠪᠠᠷ ᠨᠡᠮᠡᠭᠳᠡᠪᠡ᠃ 2023 ᠣᠨ ᠳᠤ ᠯᠢᠨᠾᠧ᠂ ᠳ᠋ᠧᠩᠺᠸᠤ᠂ | ᠦᠶᠤᠸᠠᠨ᠂ ᠬᠠᠩᠭᠢᠨ ᠬᠤᠶᠢᠲᠤ ᠬᠤᠰᠢᠭᠤᠨ ᠳᠤ ᠮᠢᠩᠭᠠᠨ ᠮᠦ ᠵᠢᠱᠢᠶ᠎ᠡ ᠦᠵᠡᠭᠦᠯᠦᠨ ᠲᠠᠷᠢᠵᠤ᠂ ᠡᠯ᠎ᠡ ᠵᠢᠱᠢᠶ᠎ᠡ ᠦᠵᠡᠭᠦᠯᠬᠦ ᠴᠡᠭ ᠤᠨ ᠮᠦ ᠪᠦᠷᠢ ᠶᠢᠨ ᠳᠤᠮᠳᠠᠴᠢ | ᠤᠨᠠᠯᠲᠠ ᠨᠢ ᠴᠥᠮ 1200 ᠵᠢᠩ ᠠᠴᠠ ᠳᠡᠭᠡᠭᠰᠢ ᠪᠠᠶᠢᠵᠤ᠂ ᠬᠠᠮᠤᠭ ᠤᠨ ᠥᠨᠳᠥᠷ ᠤᠨᠠᠯᠲᠠ ᠨᠢ 1366.92 ᠵᠢᠩ ᠳᠤ ᠭᠦᠷᠦᠭᠰᠡᠨ ᠪᠠᠶᠢᠨ᠎ᠠ᠃ | ᠬᠤᠶᠠᠷ ᠲᠤ ᠨᠠᠪᠴᠢ ᠴᠤᠬᠤᠷᠳᠠᠬᠤ ᠡᠪᠡᠳᠴᠢᠨ ᠢ ᠡᠰᠡᠷᠭᠦᠴᠡᠬᠦ ᠴᠢᠨᠠᠷ ᠢᠶᠠᠷ ᠰᠠᠶᠢᠨ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠪᠠᠷ ᠳᠠᠮᠵᠢᠨ᠂ ᠲᠡᠷᠡ ᠨᠢ ᠨᠠᠪᠴᠢ ᠴᠤᠬᠤᠷᠳᠠᠬᠤ | ᠡᠪᠡᠳᠴᠢᠨ ᠢ ᠡᠰᠡᠷᠭᠦᠴᠡᠵᠦ᠂ ᠵᠤᠷᠪᠤᠰᠲᠤ ᠵᠢᠪᠡᠷᠡᠬᠦ ᠡᠪᠡᠳᠴᠢᠨ ᠢ ᠶᠡᠭᠡ ᠪᠠᠷ ᠡᠰᠡᠷᠭᠦᠴᠡᠳᠡᠭ᠃ | ᠭᠤᠷᠪᠠ ᠳᠤ ᠴᠢᠨᠠᠷ ᠰᠠᠶᠢᠲᠠᠢ᠃ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠤᠨ ᠪᠠᠶᠢᠴᠠᠭᠠᠨ ᠰᠢᠯᠭᠠᠭᠰᠠᠨ ᠦᠷ᠎ᠡ | ᠳ᠋ᠦᠩ᠄ ᠪᠠᠭᠲᠠᠭᠠᠮᠵᠢ ᠶᠢᠨ ᠬᠦᠨᠳᠦ ᠨᠢ 821g/l᠂ ᠤᠭᠤᠷᠠᠭ ᠨᠢ 14.62%᠂ ᠨᠦᠢᠲᠠᠨ ᠭᠤᠯᠢᠷ ᠤᠨ ᠰᠢᠷᠪᠦᠰᠦ ᠨᠢ 30.1%᠂ ᠰᠢᠩᠭᠡᠭᠡᠬᠦ ᠤᠰᠤᠨ ᠤ | ᠬᠡᠮᠵᠢᠶ᠎ᠡ ᠨᠢ 58. 6ml/100g᠂ ᠭᠤᠯᠢᠷ ᠤᠨ ᠪᠥᠭᠡᠮ ᠤᠨ ᠪᠦᠷᠢᠯᠳᠦᠬᠦ ᠬᠤᠭᠤᠴᠠᠭ᠎ᠠ ᠨᠢ 4.8min᠂ ᠲᠣᠭᠲᠠᠪᠤᠷᠢᠵᠢᠬᠤ ᠬᠤᠭᠤᠴᠠᠭ᠎ᠠ ᠨᠢ 5.2min᠂ | ᠪᠠᠭᠤᠷᠠᠯᠲᠠ ᠶᠢᠨ ᠬᠡᠮᠵᠢᠶ᠎ᠡ ᠨᠢ 113F.U᠂ ᠨᠤᠨᠳᠠᠭ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ ᠨᠢ 71mm ᠪᠠᠶᠢᠵᠤ᠂ ᠴᠢᠨᠠᠷ ᠰᠠᠶᠢᠲᠠᠢ ᠳᠤᠮᠳᠠ | ᠰᠢᠨᠳᠠᠰᠤᠯᠢᠭ ᠪᠤᠭᠤᠳᠠᠢ ᠳᠤ ᠲᠣᠭᠠᠴᠠᠭᠳᠠᠨ᠎ᠠ᠃ ᠪᠢᠴᠢᠯ ᠡᠯᠧᠮᠧᠨ᠋ᠲ᠂ ᠺᠠᠯᠼ᠂ ᠮᠠᠭᠨᠢ ᠶᠢᠨ ᠠᠭᠤᠯᠤᠭᠳᠠᠴᠠ ᠨᠢ ᠲᠣᠰ ᠲᠣᠰ ᠶᠦᠩ ᠯᠢᠶᠠᠩ ᠤᠨ 4 ᠳ᠋ᠤᠭᠡᠷ | ᠨᠣᠮᠧᠷ ᠤᠨ 2 ᠳᠠᠬᠢᠨ᠂ 4 ᠳᠠᠬᠢᠨ ᠪᠠᠶᠢᠳᠠᠭ᠃ | | | ᠲᠣᠰ ᠡᠭᠦᠯᠳᠡᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠯᠭᠡᠷᠡᠭᠦᠯᠬᠦ ᠪᠠᠷ ᠲᠠᠨᠢᠯᠴᠠᠭᠤᠯᠤᠬᠰᠠᠨ ᠬᠠᠪᠤᠷ ᠤᠨ | ᠪᠤᠭᠤᠳᠠᠢ ᠶᠢᠨ ᠡᠭᠦᠯᠳᠡᠷ ᠪᠠᠶᠢᠵᠤ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠷᠪᠠᠨ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠰᠣᠩᠭᠤᠭᠳᠠᠨ ᠣᠷᠣᠵᠤ᠂ ᠤᠯᠤᠰ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠳᠤ ᠣᠷᠣᠯᠴᠠᠭᠰᠠᠨ ᠪᠠᠶᠢᠨ᠎ᠠ᠃ 2023 ᠣᠨ ᠳᠤ ᠪᠠᠮᠠᠢ 13 ᠳ᠋ᠤᠭᠠᠷ ᠨᠣᠮᠧᠷ ᠨᠢ | ᠪᠠᠶᠠᠨᠨᠠᠭᠤᠷ ᠬᠤᠳᠠ ᠳᠤ 7 ᠲᠦᠮᠡᠨ ᠮᠦ ᠰᠢᠬᠠᠮ ᠳᠠᠷᠢᠵᠤ᠂ ᠣᠷᠳᠣᠰ᠂ ᠤᠯᠠᠭᠠᠨᠴᠠᠪ᠂ ᠬᠥᠯᠥᠨ ᠪᠤᠶᠢᠷ᠂ ᠭᠠᠨᠰᠤ ᠶᠢᠨ ᠪᠠᠢ ᠶᠢᠨ ᠵᠡᠷᠭᠡ ᠭᠠᠵᠠᠷ ᠲᠤ 1 ᠲᠦᠮᠡᠨ | ᠮᠦ ᠰᠢᠬᠠᠮ᠂ ᠰᠢᠨᠵᠢᠶᠠᠩ ᠳᠤ 3 ᠲᠦᠮᠡᠨ ᠮᠦ ᠰᠢᠬᠠᠮ ᠳᠡᠯᠭᠡᠷᠡᠭᠦᠯᠦᠨ ᠲᠠᠷᠢᠬᠤ ᠪᠣᠯᠤᠨ᠎ᠠ᠃ | |