ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠮ ᠭᠡᠳᠡᠭ ᠨᠢ ᠤᠯᠤᠰ ᠠᠴᠠ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠭᠰᠠᠨ | ᠵᠢᠭᠠᠰᠤᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠳᠤ ᠬᠡᠷᠡᠭᠯᠡᠬᠦ ᠵᠢᠭᠠᠰᠤᠨ ᠤ ᠡᠮ ᠢ ᠵᠢᠭᠠᠵᠤ ᠪᠠᠶᠢᠨ᠎ᠠ᠃ ᠦᠷᠭᠦᠯᠵᠢ ᠬᠠᠷᠠᠭᠳᠠᠳᠠᠭ ᠨᠢ | ᠭᠤᠣᠯᠳᠠᠭᠤ ᠾᠯᠤᠷᠤᠮᠢᠼᠢᠨ᠂ ᠲᠣᠭᠤᠰ ᠴᠢᠯᠠᠭᠤᠨ ᠤ ᠨᠣᠭᠤᠭᠠᠨ᠂ ᠨᠢᠳ᠋ᠷᠤ᠋ ᠹᠦᠷᠠᠨ᠂ ᠠᠽᠣᠲ ᠬᠦᠴᠢᠯ ᠤᠨ ᠳᠤᠲᠠᠭᠤ ᠮᠥᠩᠭᠦᠨ ᠤᠰᠤ᠂ ᠯᠢᠤ ᠯᠢᠤ ᠯᠢᠤ᠂ | ᠲᠠᠪᠤᠨ ᠾᠯᠣᠷᠲᠤ ᠹᠧᠨᠤᠯᠳᠤ ᠨᠠᠳ᠋ᠷᠢ᠂ ᠺᠤᠶᠢᠨᠣᠯᠢᠨ ᠡᠲ᠋ᠠᠨᠤᠯ᠂ ᠴᠠᠭᠠᠷᠢᠭ ᠫᠷᠦᠫᠢᠯᠲᠦ ᠡᠯᠡᠰᠦᠨ ᠭᠠᠷᠠᠭ᠂ ᠡᠲ᠋ᠧᠨᠢᠯ ᠡᠮ᠎ᠡ ᠹᠧᠨᠤᠯᠳᠤ ᠵᠡᠷᠭᠡ ᠪᠣᠯᠣᠨ᠎ᠠ᠃ ᠬᠡᠷᠡᠭᠯᠡᠬᠦ ᠶᠢ | ᠴᠠᠭᠠᠵᠠᠯᠠᠭᠰᠠᠨ ᠵᠢᠭᠠᠰᠤᠨ ᠤ ᠡᠮ ᠨᠢ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠲᠦᠢᠯ ᠤᠨ ᠶᠡᠭᠡ ᠬᠤᠣᠷ ᠬᠥᠨᠥᠭᠡᠯ ᠲᠠᠢ ᠪᠠᠶᠢᠵᠤ᠂ ᠬᠥᠮᠥᠰ ᠤᠨ | ᠡᠷᠡᠭᠦᠯ ᠮᠡᠨᠳᠦ ᠶᠢ ᠳᠠᠮ ᠢᠶᠠᠷ ᠰᠦᠷᠳᠡᠭᠦᠯᠳᠡᠭ᠂ ᠾᠯᠤᠷᠤᠮᠢᠼᠢᠨ ᠨᠢ ᠬᠥᠮᠥᠨ ᠤ ᠴᠢᠰᠤ ᠪᠦᠲᠦᠭᠡᠬᠦ ᠴᠢᠳᠠᠪᠤᠷᠢ ᠶᠢ ᠬᠤᠷᠢᠭᠯᠠᠵᠤ᠂ ᠬᠠᠷᠰᠢᠮᠠᠲᠠᠭᠠᠢ ᠤᠷᠪᠠᠯ | ᠡᠭᠦᠰᠬᠡᠵᠦ᠂ ᠳᠠᠬᠢᠨ ᠲᠦᠯᠵᠢᠬᠦ ᠰᠠᠭᠠᠲᠠᠯ ᠤᠨ ᠴᠢᠨᠠᠷᠲᠠᠢ ᠴᠢᠰᠤ ᠳᠤᠲᠠᠬᠤ ᠪᠠᠶᠢᠳᠠᠯ ᠢ ᠡᠭᠦᠰᠬᠡᠳᠡᠭ᠂ ᠹᠦᠷᠠᠨᠽᠤᠯᠺᠧᠲ᠋ᠤᠨ ᠤ ᠦᠯᠡᠳᠡᠭᠳᠡᠯ ᠨᠢ ᠬᠥᠮᠥᠨ ᠤ ᠴᠢᠰᠤ | ᠬᠠᠶᠢᠯᠬᠤ ᠴᠢᠨᠠᠷᠲᠠᠢ ᠴᠢᠰᠤ ᠳᠤᠲᠠᠬᠤ᠂ ᠣᠯᠠᠨ ᠡᠭᠦᠰᠬᠦ ᠴᠢᠨᠠᠷᠲᠠᠢ ᠮᠡᠳᠡᠷᠡᠯ ᠤᠨ ᠦᠷᠪᠢᠰᠦᠯ᠂ ᠨᠢᠳᠦᠨ ᠤ ᠬᠡᠰᠡᠭ ᠤᠨ ᠭᠡᠮᠲᠦᠯ ᠪᠠ ᠲᠦᠷᠭᠡᠨ ᠴᠢᠨᠠᠷᠲᠠᠢ ᠡᠯᠢᠭᠡᠨ ᠤ | ᠦᠬᠦᠵᠢᠯ ᠵᠡᠷᠭᠡ ᠶᠢ ᠡᠭᠦᠰᠬᠡᠳᠡᠭ᠃ ᠲᠣᠭᠤᠰ ᠴᠢᠯᠠᠭᠤ ᠶᠢᠨ ᠨᠣᠭᠤᠭᠠᠨ ᠥᠩᠭᠡ ᠨᠢ ᠴᠠᠶᠢᠷ ᠢ ᠭᠦᠢᠴᠡᠳ ᠠᠭᠤᠰᠬᠠᠵᠤ᠂ ᠤᠰᠤᠨ ᠤ ᠠᠮᠢᠲᠠᠨ ᠤ ᠲᠦᠷᠭᠡᠨ | ᠴᠢᠨᠠᠷᠲᠠᠢ ᠴᠠᠶᠢᠷ ᠲᠤ ᠬᠤᠣᠷᠳᠠᠭᠳᠠᠬᠤ ᠶᠢ ᠡᠭᠦᠰᠬᠡᠳᠡᠭ᠂ ᠲᠡᠷᠡ ᠨᠢ ᠪᠠᠰᠠ ᠨᠢᠭᠡ ᠵᠦᠢᠯ ᠤᠨ ᠥᠮᠡᠨ ᠡᠭᠦᠰᠬᠡᠵᠦ ᠵᠡᠷᠡᠮᠳᠡᠭ ᠪᠣᠯᠭᠠᠬᠤ ᠡᠮ ᠪᠠᠶᠢᠵᠤ᠂ ᠬᠥᠮᠥᠨ | ᠲᠥᠷᠥᠯᠬᠢᠲᠡᠨ ᠳᠤ ᠨᠢᠭᠤᠭᠳᠠᠮᠠᠯ ᠬᠤᠣᠷ ᠬᠥᠨᠥᠭᠡᠯ ᠢ ᠪᠣᠶ ᠪᠣᠯᠭᠠᠳᠠᠭ᠃ ᠺᠤᠶᠢᠨᠣᠯᠢᠨ ᠡᠲ᠋ᠢᠯ ᠠᠯᠺᠣᠣᠯ ᠢ ᠣᠷᠳᠣ ᠬᠤᠭᠤᠴᠠᠭ᠎ᠠ ᠪᠠᠷ ᠬᠡᠷᠡᠭᠯᠡᠪᠡᠯ ᠤᠰᠤᠨ ᠠᠮᠢᠲᠠᠨ ᠤ | ᠡᠯᠢᠭᠡ ᠶᠢ ᠡᠪᠳᠡᠨ᠂ ᠤᠰᠤᠨ ᠠᠮᠢᠲᠠᠨ ᠢ ᠦᠬᠦᠭᠦᠯᠳᠡᠭ᠃ | ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠡᠷᠦᠬᠡ ᠨᠦᠭᠦᠳ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠳ ᠡᠩ ᠤᠨ ᠵᠢᠭᠠᠰᠤᠨ ᠡᠮ ᠬᠢᠭᠡᠳ | ᠴᠠᠭᠠᠵᠠᠲᠠᠢ ᠵᠢᠭᠠᠰᠤᠨ ᠡᠮ ᠤᠨ ᠢᠯᠭᠠᠭ᠎ᠠ ᠶᠢ ᠲᠣᠳᠣᠷᠬᠠᠢ ᠢᠯᠭᠠᠵᠤ᠂ ᠥᠷᠭᠡᠨ ᠤᠯᠠᠨ ᠬᠡᠷᠡᠭᠯᠡᠭᠴᠢᠳ ᠵᠢᠴᠢ ᠲᠤᠰ ᠪᠡᠶ᠎ᠡ ᠶᠢᠨ ᠡᠷᠡᠭᠦᠯ ᠮᠡᠨᠳᠦ ᠶᠢᠨ ᠠᠮᠤᠷ | ᠲᠦᠪᠰᠢᠨ ᠤ ᠲᠤᠰᠠᠳᠠ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠠᠪᠤᠴᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠤᠯᠢ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠡᠷᠡᠭᠯᠡᠬᠦ ᠶᠢ | ᠴᠠᠭᠠᠵᠠᠯᠠᠭᠰᠠᠨ ᠵᠢᠭᠠᠰᠤᠨ ᠤ ᠡᠮ ᠢ ᠬᠡᠷᠡᠭᠯᠡᠬᠦ ᠶᠢ ᠲᠠᠰᠤ ᠵᠣᠭᠰᠤᠭᠠᠬᠤ ᠬᠡᠷᠡᠭᠲᠡᠢ᠃ | |