| 1. ᠭᠠᠭ᠋ᠠᠢ ᠶᠢᠨ ᠬᠡᠷᠡᠭᠴᠡᠭᠡ ︵ᠲᠦᠷᠦᠯ ᠬᠡᠯᠪᠡᠷᠢ︶ ᠶᠢ ᠦᠨᠳᠦᠰᠦᠯᠡᠨ ᠰᠢᠮ᠎ᠡ ᠲᠡᠵᠢᠭᠡᠯ ᠤᠨ ᠬᠡᠮᠵᠢᠶ᠎ᠡ ᠶᠢ ᠲᠣᠬᠢᠷᠠᠭᠤᠯᠤᠨ᠎ᠠ᠂ ᠠᠵᠢᠷᠭᠠᠨ ᠭᠠᠭ᠋ᠠᠢ᠂ ᠮᠡᠭᠡᠵᠢ | ᠂ ᠲᠠᠷᠭᠤᠯᠠᠭᠤᠯᠬᠤ ᠭᠠᠭ᠋ᠠᠢ ᠶᠢᠨ ᠦᠢᠯᠡᠳᠪᠦᠷᠢᠯᠡᠯ ᠤᠨ ᠵᠣᠷᠢᠯᠭ᠎ᠠ ᠨᠢ ᠠᠳᠠᠯᠢ ᠦᠭᠡᠢ ᠠᠴᠠ ᠪᠣᠯᠵᠤ ᠰᠢᠮ᠎ᠡ ᠲᠡᠵᠢᠭᠡᠯ ᠤᠨ ᠬᠡᠷᠡᠭᠴᠡᠭᠡ ᠨᠢ ᠴᠦ ᠠᠳᠠᠯᠢ ᠦᠭᠡᠢ | ᠪᠠᠶᠢᠳᠠᠭ᠃ ᠡᠶᠢᠮᠦ ᠠᠴᠠ ᠲᠡᠵᠢᠭᠡᠯ ᠪᠣᠷᠳᠤᠭ᠎ᠠ ᠶᠢ ᠨᠠᠶᠢᠷᠠᠭᠤᠯᠬᠤ ᠳᠠᠭᠠᠨ ᠡᠯ᠎ᠡ ᠵᠦᠢᠯ ᠤᠨ ᠭᠠᠭ᠋ᠠᠢ ᠶᠢᠨ ᠰᠢᠮ᠎ᠡ ᠲᠡᠵᠢᠭᠡᠯ ᠤᠨ ᠣᠨᠴᠠᠯᠢᠭ ᠢ ᠦᠨᠳᠦᠰᠦᠯᠡᠨ ᠲᠡᠵᠢᠭᠡᠯ | ᠪᠣᠷᠳᠣᠭᠠᠨ ᠤ ᠨᠠᠶᠢᠷᠠᠯᠭ᠎ᠠ ᠶᠢᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ ᠲᠣᠬᠢᠷᠠᠭᠤᠯᠵᠤ᠂ ᠭᠠᠭ᠋ᠠᠢ ᠶᠢᠨ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ | ᠱᠠᠲᠤᠨ ᠤ ᠥᠰᠦᠯᠲᠡ ᠪᠤᠶᠢᠵᠢᠯᠲᠠ ᠶᠢᠨ ᠬᠡᠷᠡᠭᠴᠡᠭᠡ ᠶᠢ ᠬᠠᠩᠭᠠᠬᠤ ᠮᠥᠷᠲᠡᠭᠡᠨ ᠲᠡᠵᠢᠭᠡᠯ ᠪᠣᠷᠳᠣᠭᠠᠨ ᠤ ᠲᠦᠭᠦᠬᠡᠢ ᠮᠠᠲ᠋ᠧᠷᠢᠶᠠᠯ ᠢ ᠠᠷᠪᠢᠯᠠᠵᠤ᠂ ᠲᠡᠵᠢᠭᠡᠪᠦᠷᠢ ᠶᠢᠨ | ᠥᠪᠡᠷ ᠤᠨ ᠥᠷᠲᠡᠭ ᠢ ᠪᠠᠭᠤᠷᠠᠭᠤᠯᠬᠤ ᠵᠣᠷᠢᠯᠭ᠎ᠠ ᠳᠤ ᠬᠦᠷᠬᠦ ᠶᠢᠨ ᠲᠥᠯᠥᠭᠡ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ | ᠲᠣᠬᠢᠷᠠᠭᠤᠯᠬᠤ ᠬᠡᠷᠡᠭᠲᠡᠢ᠃ | 2. ᠭᠠᠭ᠋ᠠᠢ ᠶᠢᠨ ᠬᠦᠢᠰᠦ ᠶᠢᠨ ᠢᠯᠭᠠᠯ ᠢ ᠦᠨᠳᠦᠰᠦᠯᠡᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃ ᠭᠠᠭ᠋ᠠᠢ ᠶᠢᠨ ᠬᠦᠢᠰᠦ ᠶᠢᠨ | ᠢᠯᠭᠠᠯ ᠤᠨ ᠠᠳᠠᠯᠢ ᠪᠤᠰᠤ ᠠᠴᠠ ᠪᠣᠯᠵᠤ᠂ ᠲᠡᠭᠦᠨ ᠤ ᠰᠢᠮ᠎ᠡ ᠲᠡᠵᠢᠭᠡᠯ ᠤᠨ ᠪᠣᠳᠠᠰ ᠤᠨ ᠬᠡᠷᠡᠭᠴᠡᠭᠡ ᠨᠢ ᠴᠦ ᠠᠳᠠᠯᠢ ᠦᠭᠡᠢ ᠪᠤᠯᠳᠠᠭ ᠤᠴᠢᠷ ᠠᠴᠠ ᠭᠠᠭ᠋ᠠᠢ ᠶᠢᠨ | ᠠᠳᠠᠯᠢ ᠪᠤᠰᠤ ᠬᠦᠢᠰᠦ ᠶᠢᠨ ᠢᠯᠭᠠᠯ ᠢ ᠦᠨᠳᠦᠰᠦᠯᠡᠨ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠬᠦ ᠬᠡᠷᠡᠭᠲᠡᠢ᠃ | 3. ᠨᠠᠰᠤᠨ ᠤ ᠬᠤᠪᠢᠷᠠᠯᠲᠠ ᠶᠢ ᠳᠠᠭᠠᠯᠳᠤᠨ ᠰᠢᠮ᠎ᠡ ᠲᠡᠵᠢᠭᠡᠯ ᠤᠨ ᠬᠡᠮᠵᠢᠶ᠎ᠡ ᠶᠢ ᠲᠣᠬᠢᠷᠠᠭᠤᠯᠵᠤ ᠦᠷ᠎ᠡ ᠪᠣᠯᠭᠠᠨ ᠦᠯᠡᠳᠡᠭᠡᠬᠦ ᠲᠤᠷᠤᠢ ᠶᠢ ᠰᠦ | ᠵᠣᠭᠰᠣᠭᠰᠠᠨ ᠠᠴᠠ ᠠᠪᠤᠭᠠᠳ ᠠᠩᠬ᠎ᠠ ᠬᠡᠭᠡᠯᠲᠦᠭᠦᠯᠬᠦ ᠬᠦᠷᠲᠡᠯᠡᠬᠢ ᠬᠤᠭᠤᠴᠠᠭᠠᠨ ᠳᠤ ᠪᠡᠯᠡᠳᠬᠡᠯ ᠮᠡᠭᠡᠵᠢ ᠪᠣᠯᠭᠠᠨ᠎ᠠ᠂ ᠡᠨᠡ ᠬᠦ ᠱᠠᠲᠤ ᠪᠣᠯ ᠭᠠᠭ᠋ᠠᠢ ᠶᠢᠨ ᠥᠰᠦᠯᠲᠡ | ᠪᠤᠶᠢᠵᠢᠯᠲᠠ ᠨᠡᠯᠢᠶᠡᠳ ᠲᠦᠷᠭᠡᠨ ᠪᠠᠶᠢᠬᠤ ᠶᠢᠨ ᠨᠢᠭᠡ ᠱᠠᠲᠤ ᠪᠣᠯᠣᠨ᠎ᠠ᠃ ᠪᠡᠯᠡᠳᠬᠡᠯ ᠮᠡᠭᠡᠵᠢ ᠶᠢ 6 ᠰᠠᠷ᠎ᠠ ᠶᠢᠨ ᠤᠷᠢᠳ ᠬᠤᠵᠢᠳ ᠢᠶᠠᠷ ᠪᠡᠶ᠎ᠡ ᠶᠢᠨ ᠬᠦᠨᠳᠦ ᠶᠢ ᠨᠢ | ᠬᠢᠵᠠᠭᠠᠷᠯᠠᠵᠤ᠂ ᠬᠡᠲᠦᠷᠬᠡᠢ ᠲᠠᠷᠭᠤᠯᠠᠭᠤᠯᠬᠤ ᠦᠭᠡᠢ ᠪᠠᠷ ᠨᠣᠭᠤᠭᠠᠨ ᠪᠦᠳᠦᠭᠦᠯᠢᠭ ᠪᠣᠷᠳᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠬᠠᠷ᠎ᠠ ᠮᠢᠬᠠᠨ ᠤ | ᠬᠡᠯᠪᠡᠷᠢ ᠶᠢᠨ ᠪᠣᠷᠳᠣᠵᠤ ᠲᠠᠷᠭᠤᠯᠠᠭᠤᠯᠬᠤ ᠭᠠᠭ᠋ᠠᠢ ᠶᠢᠨ ᠲᠡᠵᠢᠭᠡᠪᠦᠷᠢ ᠶᠢᠨ ᠠᠳᠠᠯᠢ ᠪᠤᠰᠤ ᠱᠠᠲᠤᠨ ᠳᠠᠬᠢ ᠥᠰᠦᠯᠲᠡ ᠶᠢᠨ ᠭᠤᠣᠯᠳᠠᠯᠭ᠎ᠠ ᠨᠢ ᠠᠳᠠᠯᠢ ᠪᠤᠰᠤ ᠪᠠᠶᠢᠵᠤ᠂ | ᠰᠢᠮ᠎ᠡ ᠲᠡᠵᠢᠭᠡᠯ ᠤᠨ ᠪᠣᠳᠠᠰ ᠤᠨ ᠬᠡᠷᠡᠭᠴᠡᠭᠡ ᠨᠢ ᠴᠦ ᠠᠳᠠᠯᠢ ᠪᠤᠰᠤ ᠪᠠᠶᠢᠳᠠᠭ᠃ ᠡᠶᠢᠮᠦ ᠠᠴᠠ ᠬᠤᠨᠤᠭ ᠤᠨ ᠬᠤᠪᠢᠷᠠᠯᠲᠠ ᠶᠢ ᠳᠠᠭᠠᠯᠳᠤᠨ ᠬᠤᠨᠤᠭ ᠤᠨ | ᠲᠡᠵᠢᠭᠡᠯ ᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃ | 4. ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠳᠠᠭᠠᠯᠳᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃ ᠪᠡᠯᠡᠳᠬᠡᠯ ᠮᠡᠭᠡᠵᠢ ᠶᠢᠨ 60 | ᠺᠢᠯᠣᠭ᠍ᠷᠠᠮ ᠤᠨ ᠡᠮᠦᠨ᠎ᠡ ᠬᠤᠶᠢᠨ᠎ᠠ ᠬᠡᠷᠡᠭᠰᠡᠬᠦ ᠰᠢᠮ᠎ᠡ ᠲᠡᠵᠢᠭᠡᠯ ᠤᠨ ᠲᠦᠪᠰᠢᠨ ᠤ ᠠᠳᠠᠯᠢ ᠪᠤᠰᠤ ᠶᠢ ᠳᠠᠭᠠᠯᠳᠤᠨ᠂ ᠪᠣᠷᠳᠣᠵᠤ ᠪᠤᠶᠢᠵᠢᠭᠤᠯᠤᠭᠰᠠᠨ ᠭᠠᠭ᠋ᠠᠢ ᠶᠢ ᠱᠠᠲᠤ | ᠬᠤᠪᠢᠶᠠᠨ ᠲᠡᠵᠢᠭᠡᠬᠦ ᠵᠡᠷᠭᠡ ᠨᠢ ᠴᠥᠮ ᠭᠠᠭ᠋ᠠᠢ ᠶᠢᠨ ᠪᠡᠶ᠎ᠡ ᠶᠢᠨ ᠬᠦᠨᠳᠦ ᠶᠢᠨ ᠠᠳᠠᠯᠢ ᠪᠤᠰᠤ ᠶᠢ ᠳᠠᠭᠠᠯᠳᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ | ᠬᠢᠬᠦ ᠴᠢᠬᠤᠯᠠᠲᠠᠢ ᠭᠡᠳᠡᠭ ᠢ ᠬᠠᠷᠠᠭᠤᠯᠵᠤ ᠪᠠᠶᠢᠨ᠎ᠠ᠃ | |