ᠮᠠᠨ ᠤ ᠬᠤᠲᠠ 2023 ᠣᠨ ᠤ 2.88 ᠳ᠋ᠦᠩᠰᠢᠭᠤᠷ ᠲᠥᠭᠦᠷᠢᠭ ᠤᠨ ᠲᠥᠪ ᠤᠨ ᠡᠩ ᠤᠨ ᠴᠢᠨᠠᠷᠲᠠᠶ ᠰᠢᠯᠵᠢᠭᠦᠯᠤᠨ ᠥᠭᠬᠦ ᠪᠠᠯᠠ ᠮᠥᠩᠭᠦ ᠶᠢ ᠴᠠᠭ ᠳᠠᠷᠤᠢ ᠳᠤᠨᠢ ᠪᠠᠭᠤᠯᠭᠠᠪᠠ
ᠨᠡᠶᠢᠲᠡᠯᠡᠭᠰᠡᠨ ᠴᠠᠭ᠄
2023/8/7
        ᠡᠯ᠎ᠡ ᠬᠤᠰᠢᠭᠤ ᠲᠤᠭᠤᠷᠢᠭ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠡᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠳᠡᠮᠵᠢᠬᠦ ᠶᠢᠨ ᠲᠦᠯᠦᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2023 ᠣᠨ ᠤ 2.88 ᠳ᠋ᠦᠩᠰᠢᠭᠤᠷ ᠲᠥᠭᠦᠷᠢᠭ ᠤᠨ ᠲᠥᠪ ᠤᠨ ᠡᠩ ᠤᠨ ᠴᠢᠨᠠᠷᠲᠠᠶ ᠰᠢᠯᠵᠢᠭᠦᠯᠤᠨ ᠥᠭᠬᠦ ᠪᠠᠯᠠ ᠮᠥᠩᠭᠦ ᠶᠢ ᠴᠠᠭ ᠳᠠᠷᠤᠶ ᠳᠤᠨᠢ ᠪᠠᠭᠤᠯᠭᠠᠪᠠ᠂ ᠡᠭᠦᠨ ᠳᠤ ᠭᠤᠤᠯᠳᠠᠭᠤ ᠦᠨᠳᠦᠰᠦᠲᠡᠨ ᠤ ᠭᠠᠵᠠᠷ ᠣᠷᠣᠨ ᠤ ᠰᠢᠯᠵᠢᠭᠦᠯᠤᠨ ᠥᠭᠬᠦ ᠪᠠᠯᠠ ᠮᠥᠩᠭᠦ 1.5 ᠳ᠋ᠦᠩᠰᠢᠭᠤᠷ ᠲᠥᠭᠦᠷᠢᠭ᠂ ᠲᠡᠩᠴᠡᠭᠦᠷᠢ ᠶᠢᠨ ᠴᠢᠨᠠᠷᠲᠠᠶ ᠰᠢᠯᠵᠢᠭᠦᠯᠤᠨ ᠥᠭᠬᠦ ᠪᠠᠯᠠ ᠮᠥᠩᠭᠦ 1.15 ᠳ᠋ᠦᠩᠰᠢᠭᠤᠷ ᠲᠥᠭᠦᠷᠢᠭ᠂ ᠡᠬᠢ ᠪᠠᠶᠠᠯᠢᠭ ᠬᠤᠮᠰᠠᠳᠠᠭᠰᠠᠨ ᠬᠤᠲᠠ ᠶᠢᠨ ᠰᠢᠯᠵᠢᠭᠦᠯᠤᠨ ᠥᠭᠬᠦ ᠪᠠᠯᠠ ᠮᠥᠩᠭᠦ 969 ᠲᠦᠮᠡᠨ ᠲᠥᠭᠦᠷᠢᠭ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠰᠢᠯᠵᠢᠭᠦᠯᠤᠨ ᠥᠭᠬᠦ ᠪᠠᠯᠠ ᠮᠥᠩᠭᠦ 636 ᠲᠦᠮᠡᠨ ᠲᠥᠭᠦᠷᠢᠭ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠭᠰᠠᠨ ᠱᠠᠩᠨᠠᠯ ᠤᠨ ᠮᠥᠩᠭᠦ 558 ᠲᠦᠮᠡᠨ ᠲᠥᠭᠦᠷᠢᠭ ᠵᠡᠷᠭᠡ ᠪᠠᠭᠲᠠᠨ᠎ᠠ᠃      ᠲᠣᠰ ᠤᠳᠠᠭ᠎ᠠ ᠶᠢᠨ ᠪᠠᠭᠤᠯᠭᠠᠭᠰᠠᠨ ᠰᠢᠯᠵᠢᠭᠦᠯᠤᠨ ᠥᠭᠬᠦ ᠵᠠᠷᠤᠯᠭ᠎ᠠ ᠶᠢ ᠭᠤᠤᠯᠳᠠᠭᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢ ᠪᠠᠲᠤᠯᠠᠵᠥ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠠᠮᠢ ᠠᠬᠤᠶ ᠶᠢᠨ ᠴᠢᠳᠠᠪᠬᠢᠲᠦ ᠴᠢᠬᠤᠯᠠ ᠭᠠᠵᠠᠷ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠲᠤᠰᠠᠭᠠᠷ ᠦᠢᠯᠡᠳᠪᠤᠷᠢ ᠠᠭᠤᠷᠬᠠᠶ ᠶᠢᠨ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ ᠵᠡᠷᠭᠡ ᠲᠠᠯ᠎ᠠ ᠳᠤ ᠬᠡᠷᠡᠭᠯᠡᠨ᠎ᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠴᠠᠭ ᠲᠤᠬᠠᠶ ᠳᠤᠨᠢ ᠵᠣᠯᠭᠠᠭᠤᠯᠵᠤ᠂  ᠰᠢᠯᠵᠢᠭᠦᠯᠤᠨ ᠥᠭᠬᠦ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠤᠨ᠂ ᠳᠡᠭᠡᠳᠦ ᠱᠠᠲᠤᠨ ᠤ ᠡᠯ᠎ᠡ ᠲᠥᠷᠥᠯ ᠤᠨ  ᠰᠢᠯᠵᠢᠭᠦᠯᠤᠨ ᠥᠭᠬᠦ ᠪᠠᠯᠠ ᠮᠥᠩᠭᠦ ᠶᠢ ᠢᠳᠡᠪᠬᠢᠲᠡᠶ ᠣᠯᠵᠤ᠂ ᠣᠯᠤᠭᠰᠠᠨ ᠪᠠᠯᠠ ᠮᠥᠩᠭᠦ ᠪᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠣᠬᠢᠲᠠᠶ ᠬᠡᠷᠡᠭᠯᠡᠬᠦ ᠪᠠᠷ ᠪᠤᠢ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ︽ᠭᠤᠷᠪᠠ ᠶᠢ ᠪᠠᠲᠤᠯᠠᠬᠤ︾ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠦ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ    
ᠢᠷᠡᠯᠲᠡ᠄ ᠤᠷᠳᠤᠰ ᠤᠨ ᠡᠳᠤᠷ ᠤᠨ ᠰᠤᠨᠢᠨ