ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠰᠡᠷᠡᠮᠵᠢᠯᠡᠭᠦᠯᠦᠯ ᠨᠡᠶᠢᠲᠡᠯᠡᠪᠡ︕
ᠨᠡᠶᠢᠲᠡᠯᠡᠭᠰᠡᠨ ᠴᠠᠭ᠄
2023/8/8
                            7 ᠰᠠᠷ᠎ᠠ ᠶᠢᠨ 20 ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠭᠠᠳᠠᠨᠠᠬᠢ  ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ  ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠲᠣᠪᠴᠢᠶ᠎ᠠ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠰᠦᠢᠳᠭᠡᠯ ᠢ ᠪᠤᠴᠠᠭᠠᠬᠤ ᠨᠡᠷ᠎ᠡ ᠪᠠᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠬᠢᠬᠦ ᠶᠢ ᠰᠡᠷᠭᠡᠶᠢᠯᠡᠬᠦ ᠲᠤᠬᠠᠶ ᠰᠠᠷᠠᠮᠵᠢᠬᠦᠯᠦᠯ ᠨᠡᠶᠢᠲᠡᠯᠡᠵᠦ ᠰᠠᠨᠠᠭᠤᠯᠬᠤ ᠳᠠᠭᠠᠨ᠂ ᠥᠷᠭᠡᠨ ᠣᠯᠠᠨ ᠬᠡᠷ ᠤᠨ ᠠᠬᠠᠮᠠᠳ ᠪᠠ ᠰᠤᠷᠤᠭᠴᠢᠳ ᠲᠤ  ︽ᠨᠢᠳᠦ  ᠪᠠᠨ  ᠬᠢᠷᠠᠬᠠᠢ ᠪᠠᠶᠢᠯᠭᠠᠵᠤ︾᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠬᠦᠰᠡᠶ᠎ᠡ ᠭᠡᠪᠠ᠃              ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠵᠠᠷᠢᠮ ᠬᠠᠤᠯᠢ ᠪᠤᠰᠤ ᠡᠳᠡᠬᠡᠳ ᠵᠠᠰᠠᠭ ᠤᠨ ᠣᠷᠳᠣᠨ ᠤ  ᠰᠠᠯᠠᠭ᠎ᠠ ᠮᠥᠴᠢᠷ ᠤᠨ ᠠᠯᠪᠠᠨ ᠪᠢᠴᠢᠭ ᠢ ᠬᠠᠭᠤᠷᠮᠠᠭᠯᠠᠨ ᠵᠣᠬᠢᠶᠠᠬᠤ᠂ ᠬᠡᠷ ᠤᠨ ᠠᠬᠠᠮᠠᠳ ᠪᠠ ᠰᠤᠷᠤᠭᠴᠢᠳ ᠢ ᠥᠳᠥᠭᠡᠨ QQ ᠨᠣᠮᠧᠷ ᠨᠡᠮᠡᠬᠦ ᠪᠤᠶᠤ QQ ᠤᠨ ᠴᠤᠬᠯᠠᠷᠠᠯ ᠳᠤ ᠣᠷᠣᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠰᠦᠢᠳᠭᠡᠯ  ᠪᠤᠴᠠᠭᠠᠬᠤ ᠨᠡᠷ᠎ᠡ ᠪᠠᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠬᠢᠵᠦ᠂ ᠮᠠᠭᠤ ᠨᠥᠯᠥᠭᠡ ᠭᠠᠷᠭᠠᠵᠤ ᠪᠠᠶᠢᠬᠤ ᠪᠦᠭᠡᠳ ᠬᠦᠨᠳᠦ ᠨᠣᠴᠢᠲᠠᠶ ᠬᠥᠨᠥᠭᠡᠯ ᠤᠴᠠᠷᠠᠭᠤᠯᠵᠤ ᠪᠠᠶᠢᠨ᠎ᠠ᠃              ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠣᠯᠠᠨ ᠤᠳᠠᠭ᠎ᠠ ᠰᠡᠷᠡᠮᠵᠢᠯᠡᠭᠦᠯᠤᠯ ᠨᠡᠶᠢᠳᠡᠯᠡᠵᠦ᠄ ᠥᠷᠭᠡᠨ ᠣᠯᠠᠨ ᠬᠡᠷ ᠤᠨ ᠠᠬᠠᠮᠠᠳ ᠪᠠ ᠰᠤᠷᠤᠭᠴᠢᠳ ᠲᠤ  ︽ᠨᠢᠳᠦ ᠪᠠᠨ ᠬᠢᠷᠠᠬᠠᠢ ᠪᠠᠶᠢᠯᠭᠠᠵᠤ︾᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠬᠦᠰᠡᠶ᠎ᠡ᠃              ᠪᠣᠯᠪᠠᠰᠤᠷᠠᠯ ᠤᠨ ᠰᠦᠢᠳᠬᠡᠯ ᠢ ᠲᠤᠰᠢᠶᠠᠬᠤ ᠳᠠᠭᠠᠨ 3 ᠰᠠᠷ᠎ᠠ ᠪᠤᠶᠤ 60 ᠬᠢᠴᠢᠶᠡᠯ ᠤᠨ ᠴᠠᠭ ᠠᠴᠠ ᠭᠡᠳᠦᠷᠡᠬᠦᠯᠦᠨ ᠰᠦᠢᠳᠬᠡᠯ ᠥᠭᠴᠦ ᠪᠣᠯᠬᠤ ᠦᠭᠡᠢ︔ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠤᠨ ᠰᠦᠢᠳᠭᠡᠯ ᠢ ᠲᠤᠰᠢᠶᠠᠬᠤ ᠳᠠᠭᠠᠨ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢᠨ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠬᠡᠲᠦᠷᠡᠭᠦᠯᠵᠦ  ᠪᠣᠯᠬᠤ ᠥᠬᠡᠶ᠂ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠯ ᠤᠨ ᠨᠢᠭᠡ ᠤᠳᠠᠭ᠎ᠠ ᠳᠤ ᠲᠤᠰᠢᠶᠠᠬᠤ ᠰᠦᠢᠳᠭᠡᠯ ᠢ 5000  ᠲᠥᠭᠦᠷᠢᠭ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠥᠬᠡᠶ᠃              ᠡᠭᠦᠨ ᠤ ᠬᠠᠮᠲᠤ᠂ ᠰᠦᠢᠳᠭᠡᠯ ᠲᠤᠰᠢᠶᠠᠬᠤ ᠠᠮᠤᠷ ᠲᠦᠪᠰᠢᠨ ᠢ ᠠᠩᠬᠠᠷᠴᠤ᠂ ᠠᠯᠪᠠᠨ ᠲᠠᠯ᠎ᠠ ᠶᠢᠨ ᠠᠷᠭ᠎ᠠ  ᠵᠠᠮ ᠢᠶᠠᠷ ᠳᠠᠮᠵᠢᠭᠤᠯᠤᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠡᠷ ᠤᠨ ᠠᠬᠠᠮᠠᠳ ‍ᠤᠨ‌ᠦᠵᠦᠭᠦᠷ︾ APP  ︵ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠠᠴᠠ ᠪᠠᠭᠤᠯᠭᠠᠵᠤ  ᠪᠣᠯᠤᠨ᠎ᠠ︶ ᠠᠴᠠ ᠬᠢᠴᠢᠶᠡᠯ ᠰᠣᠩᠭᠤᠵᠦ᠂  ᠬᠢᠴᠢᠶᠡᠯ  ᠬᠤᠳᠠᠯᠳᠤᠨ‌ᠠᠪᠴᠤ᠂ ᠬᠢᠴᠢᠶᠡᠯ ᠦᠭᠡᠶᠢᠰᠬᠡᠵᠦ᠂ ᠵᠠᠭᠠᠯᠳᠤᠯᠭ᠎ᠠ ᠬᠢᠵᠦ᠂ ᠦᠪᠡᠷ ᠤᠨ ᠬᠠᠤᠯᠢ ᠶᠣᠰᠣᠨ ᠤ  ᠡᠷᠬᠡ  ᠠᠰᠢᠭ  ᠢᠶᠠᠨ  ᠰᠠᠶᠢᠲᠤᠷ ᠬᠠᠮᠠᠭᠠᠯᠠᠵᠤ ᠪᠣᠯᠤᠨ᠎ᠠ᠃              ᠰᠦᠢᠳᠭᠡᠯ ᠪᠤᠴᠠᠭᠠᠬᠤ ᠵᠢᠩᠬᠢᠨᠢ ᠶᠠᠪᠤᠴᠠ ᠶᠢ ᠡᠩ ᠤᠨ ᠪᠠᠶᠢᠳᠠᠯ ᠳᠤ ᠤᠤᠯ ᠵᠠᠮ ᠢᠶᠠᠷ ᠨᠢ  ᠪᠤᠴᠠᠭᠠᠬᠤ  ᠬᠡᠯᠪᠡᠷᠢ ᠪᠠᠷ ᠬᠤᠪᠢ ᠬᠥᠮᠦᠨ ᠤ ᠰᠦᠢᠳᠭᠡᠯ ᠲᠤᠰᠢᠶᠠᠬᠰᠠᠨ ᠲᠠᠩᠰᠠᠨ ᠤ ᠨᠣᠮᠧᠷ ᠢ ᠨᠢ ᠪᠤᠴᠠᠭᠠᠵᠤ ᠥᠭᠭᠦᠨ᠎ᠡ᠂  ᠵᠣᠭᠤᠰ  ᠪᠤᠴᠠᠭᠠᠬᠤ ᠦᠶ᠎ᠡ ᠳᠤ ᠲᠠᠸᠠᠷ ᠬᠤᠳᠠᠯᠳᠤᠨ ᠠᠪᠬᠤ ᠪᠤᠶᠤ ᠰᠦᠢᠳᠭᠡᠯ ᠲᠤᠰᠢᠶᠠᠬᠤ ᠨᠥᠬᠦᠴᠡᠯ ᠳᠠᠭᠠᠯᠳᠤᠭᠤᠯᠤᠭᠰᠠᠨ ᠪᠠᠶᠢᠬᠤ  ᠳᠤ ᠬᠦᠷᠪᠡᠯ ᠴᠥᠮ ᠴᠦᠮ ᠮᠡᠬᠡᠯᠡᠯ ᠪᠣᠯᠤᠨ᠎ᠠ︕ ᠬᠡᠷᠪᠡ ᠮᠠᠳᠠᠭ ᠲᠠᠢ ᠠᠰᠠᠭᠤᠳᠠᠯ ᠪᠠᠶᠢᠪᠠᠯ᠂ ᠴᠠᠭ ᠲᠤᠬᠠᠶ ᠳᠤᠨᠢ 110 ᠪᠤᠶᠤ ᠬᠤᠯᠪᠣᠭᠳᠠᠯ ᠪᠥᠬᠦᠶ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠤᠲᠠᠰᠤᠳᠠᠵᠤ ᠪᠠᠳᠤᠯᠠᠭᠤᠯᠬᠤ  ᠪᠤᠶᠤ ᠲᠤᠰᠠᠯᠠᠮᠵᠢ ᠭᠤᠶᠤᠴᠢᠯᠠᠵᠤ  ᠪᠣᠯᠤᠨ᠎ᠠ ᠭᠡᠵᠦ ᠰᠠᠨᠠᠭᠤᠯᠪᠡ᠃        
ᠢᠷᠡᠯᠲᠡ᠄ ᠠᠷᠠᠳ ᠤᠨ ᠰᠦᠯᠵᠢᠶ᠎ᠡ