ᠮᠠᠨ ᠤ ᠤᠯᠤᠰ 2024 ᠣᠨ ᠳᠤ ᠮᠧᠬᠠᠨᠢᠭ ᠤᠨ ᠠᠵᠢᠯ ᠲᠦᠷᠦᠯ ᠤᠨ ᠡᠵᠡᠩᠨᠡᠯᠲᠡ ᠶᠢᠨ ᠣᠷᠣᠯᠭ᠎ᠠ ᠶᠢ 8.1 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ
ᠨᠡᠶᠢᠲᠡᠯᠡᠭᠰᠡᠨ ᠴᠠᠭ᠄
2023/9/11
      2 ᠤᠨ ᠡᠳᠦᠷ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠮᠧᠬᠠᠨᠢᠭ ᠤᠨ ᠠᠵᠢᠯ ᠲᠥᠷᠥᠯ ᠤᠨ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ ︵2023 — 2024 ᠣᠨ︶︾ ᠢ ᠳᠠᠷᠤᠮᠠᠯᠯᠠᠨ ᠲᠠᠷᠬᠠᠭᠠᠵᠤ᠂ 2023 — 2024 ᠣᠨ ᠳᠤ ᠮᠧᠬᠠᠨᠢᠭ ᠤᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠶᠢ 3% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠵᠤ᠂ 2024 ᠣᠨ ᠪᠣᠯᠬᠤ ᠳᠤ 8.1 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠵᠦ᠂ ᠥᠷᠢᠰᠥᠯᠳᠦᠬᠦ ᠬᠦᠴᠦᠨ ᠪᠥᠬᠦᠶ ᠨᠢᠭᠡ ᠪᠦᠯᠦᠭ ᠳᠤᠮᠳᠠ ᠪᠠᠭ᠎ᠠ ᠠᠵᠤ ᠠᠬᠤᠶᠢᠯᠠᠯ ᠤᠨ ᠤᠨᠴᠠᠯᠢᠭᠳᠤ ᠪᠦᠯᠦᠭᠯᠡᠯ ᠪᠠ 1000 ᠳ᠋ᠦᠩᠰᠢᠭᠤᠷ ᠣᠷᠴᠢᠮ ᠤᠨ ᠲᠠᠰ ᠤᠨ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠪᠥᠬᠦᠶ ᠠᠵᠤ  ᠦᠢᠯᠡᠰ ᠤᠨ ᠪᠦᠯᠦᠭᠵᠢᠯ ᠢ 10 ᠪᠤᠶᠢᠵᠢᠭᠤᠯᠬᠤ ᠵᠡᠷᠭᠡ ᠬᠠᠷᠠᠯᠲᠠ ᠶᠢ ᠳᠤᠷᠠᠳᠪᠠ᠃       ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠣᠳᠣᠬᠠᠨ ᠳᠤ ᠭᠠᠳᠠᠭᠠᠳᠤ ᠣᠷᠴᠢᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠥᠬᠡᠶ᠂ ᠮᠧᠬᠠᠨᠢᠭ ᠤᠨ ᠠᠵᠢᠯ ᠲᠥᠷᠥᠯ ᠤᠨ ᠬᠥᠭᠵᠢᠯᠲᠡ ᠳᠤ ᠰᠢᠨ᠎ᠡ ᠪᠠᠶᠢᠳᠠᠯ ᠲᠤᠯᠭᠠᠷᠠᠵᠤ᠂ ᠠᠵᠢᠯ ᠲᠥᠷᠥᠯ ᠤᠨ ᠲᠣᠭᠲᠠᠭᠤᠨ ᠢᠶᠠᠷ ᠨᠡᠮᠡᠭᠳᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ᠲᠥᠰᠦᠯ ᠳᠤ ᠭᠤᠤᠯᠳᠠᠯᠭ᠎ᠠ ᠲᠠᠢ ᠪᠠᠷ ᠨᠠᠷᠢᠨ ᠬᠤᠪᠢᠶᠠᠬᠤ ᠠᠵᠢᠯ ᠲᠥᠷᠥᠯ ᠢ ᠬᠦᠴᠦᠯᠡᠨ ᠲᠣᠭᠲᠠᠪᠤᠷᠢᠵᠢᠭᠤᠯᠵᠤ᠂ ᠮᠧᠬᠠᠨᠢᠭ ᠤᠨ ᠠᠵᠢᠯ ᠲᠥᠷᠥᠯ ᠤᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠠᠵᠤ  ᠦᠢᠯᠡᠳᠪᠤᠷᠢ ᠶᠢᠨ ᠠᠵᠤ ᠠᠬᠤᠶ ᠶᠢᠨ ᠨᠡᠮᠡᠭᠳᠡᠯ ᠢ ᠲᠤᠯᠭᠠᠭᠤᠷᠢᠯᠠᠬᠤ ᠶᠢ ᠵᠢᠱᠢᠭᠰᠡᠨ ᠬᠠᠷᠠᠯᠲᠠ ᠳᠤ ᠬᠦᠷᠭᠡᠵᠦ᠂ ᠭᠤᠤᠯᠳᠠᠭᠤ ᠰᠠᠭᠤᠷᠢ ᠮᠠᠰᠢᠨ ᠤ ᠪᠠᠭᠠᠵᠢ᠂ ᠲᠠᠷᠢᠶᠠᠯᠠᠩ ᠤᠨ ᠮᠠᠰᠢᠨ᠂ ᠪᠠᠷᠢᠯᠭ᠎ᠠ ᠶᠢᠨ ᠮᠠᠰᠢᠨ ᠵᠡᠷᠭᠡ 11 ᠨᠠᠷᠢᠨ ᠬᠤᠪᠢᠶᠠᠬᠤ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠠᠷᠠᠳ ᠤᠨ ᠠᠵᠤ ᠠᠬᠤᠶ ᠶᠢᠨ 7 ᠶᠡᠭᠡ ᠲᠥᠷᠥᠯ᠂ 36 ᠳᠤᠮᠳᠠ ᠲᠥᠷᠥᠯ ᠪᠠ 108 ᠪᠠᠭ᠎ᠠ ᠲᠥᠷᠥᠯ ᠳᠤ ᠬᠤᠯᠪᠣᠭᠳᠠᠨ᠎ᠠ ᠭᠡᠵᠦ ᠢᠯᠡᠳᠭᠡᠪᠡ᠃       ᠲᠥᠰᠦᠯ ᠳᠤ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ 4 ᠲᠠᠯ᠎ᠠ ᠶᠢᠨ 16 ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠳᠤᠷᠠᠳᠴᠠᠶ᠃ ᠪᠦᠲᠦᠮᠵᠢᠲᠡᠶ ᠬᠡᠷᠡᠭᠴᠡᠭᠡ ᠶᠢ ᠦᠷᠭᠦᠯᠵᠢᠯᠡᠨ ᠥᠷᠭᠡᠳᠭᠡᠬᠦ ᠲᠠᠯ᠎ᠠ ᠪᠠᠷ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠬᠦᠴᠦᠯᠡᠨ ᠥᠷᠭᠡᠳᠭᠡᠵᠦ᠂ ᠳᠡᠯᠡᠬᠡᠶ ᠶᠢᠨ ᠵᠠᠬ᠎ᠠ ᠳᠡᠯᠭᠡᠭᠦᠷ ᠢ ᠢᠳᠡᠪᠬᠢᠲᠡᠶ ᠨᠡᠭᠡᠭᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠥᠨᠳᠥᠷ ᠲᠦᠪᠰᠢᠨ ᠪᠥᠬᠦᠶ ᠲᠠᠪᠴᠠᠩ ᠢ ᠪᠠᠶᠢᠭᠤᠯᠤᠨ᠎ᠠ᠃ ᠦᠢᠯᠡᠳᠬᠦ ᠦᠢᠯᠡᠰ ᠤᠨ ᠤᠶᠤᠨᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ᠂ ᠤᠶᠤᠨᠴᠢᠯᠠᠯᠳᠠ ᠶᠢᠨ ᠦᠢᠯᠡᠳᠬᠦ ᠦᠢᠯᠡᠰ ᠤᠨ ᠰᠢᠨ᠎ᠡ ᠵᠠᠭᠪᠤᠷ ᠢ ᠲᠦᠷᠭᠡᠳᠭᠡᠨ ᠳᠡᠯᠭᠡᠷᠡᠭᠦᠯᠵᠦ᠂ ᠤᠶᠤᠨᠴᠢᠯᠠᠯᠳᠠ ᠶᠢᠨ ᠦᠢᠯᠡᠳᠬᠦ ᠦᠢᠯᠡᠰ ᠤᠨ ᠰᠢᠰᠲ᠋ᠧᠮ ᠤᠨ ᠰᠢᠢᠳᠪᠦᠷᠢᠯᠡᠬᠦ ᠲᠥᠰᠦᠯ ᠤᠨ ᠪᠣᠭᠤᠮᠲᠠ ᠰᠢᠪᠲᠤᠯᠬᠤ ᠶᠢ ᠠᠬᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠬᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠶᠤᠨᠴᠢᠯᠠᠯᠳᠠ ᠶᠢᠨ ᠦᠢᠯᠡᠳᠬᠦ ᠦᠢᠯᠡᠰ ᠤᠨ ᠬᠤᠰᠢᠭᠤᠴᠢ ᠣᠷᠣᠨ ᠤ ᠪᠠᠶᠢᠭᠤᠯᠤᠯᠲᠠ ᠶᠢ ᠰᠦᠪᠡᠭᠴᠢᠯᠡᠨ᠎ᠡ᠃ ᠴᠢᠨᠠᠷ ᠰᠠᠶᠢᠲᠠᠶ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ ᠰᠢᠯᠤᠭᠤᠳᠬᠠᠵᠤ᠂ ᠲᠣᠨᠤᠭ ᠲᠥᠬᠦᠭᠡᠷᠦᠮᠵᠢ ᠶᠢᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠭᠡᠨ ᠠᠬᠢᠭᠤᠯᠵᠤ᠂ ᠶᠠᠰᠤ ᠴᠢᠨᠠᠷᠳᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠶ ᠠᠵᠤ ᠠᠬᠤᠶᠢᠯᠠᠯ ᠤᠨ ᠱᠠᠲᠤᠯᠢᠭ ᠪᠤᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠠᠵᠢᠯ ᠲᠦᠷᠦᠯ ᠬᠤᠪᠢᠶᠠᠨ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠲᠠᠯ᠎ᠠ ᠪᠠᠷ᠂ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠨᠡᠮᠡᠭᠳᠡᠭᠦᠯᠵᠦ ᠰᠠᠭᠤᠷᠢ ᠲᠣᠨᠣᠭᠯᠠᠯ ᠤᠨ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠡᠯᠬᠢᠶ᠎ᠡ ᠶᠢ ᠪᠠᠬᠢᠵᠢᠭᠦᠯᠤᠨ ᠬᠡᠯᠬᠢᠶ᠎ᠡ ᠶᠢ ᠬᠦᠴᠦᠷᠬᠡᠭᠵᠢᠭᠦᠯᠵᠦ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠵᠦ᠂ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠤᠷᠲᠤᠳᠬᠠᠵᠤ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠤᠨ᠎ᠠ ᠭᠡᠪᠡ᠃      
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ