| | 2023 ᠤᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠤᠨ ᠴᠥᠯ ᠤᠨ ᠬᠡᠬᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠳᠡᠷᠬᠡᠨ ᠤ | ᠬᠥᠴᠤ ᠰᠤᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠨᠭ᠍ᠬᠢᠨ ᠬᠤᠰᠢᠭᠤᠨ ᠳᠠᠬᠢ ᠬᠤᠪᠢᠶᠠᠷᠢ ᠥᠷᠳᠡᠬᠡᠨ ᠤ ᠤᠷᠤᠯᠳᠤᠭᠠᠨ ᠤᠳᠠᠯ ᠥᠬᠡᠢ ᠬᠠᠨᠭ᠍ᠬᠢᠨ ᠬᠤᠰᠢᠭᠤᠨ ᠳᠤ | ᠶᠠᠪᠤᠭᠳᠠᠬᠤ ᠪᠠᠷ ᠪᠤᠯᠤᠯ᠎ᠠ᠃ | ᠳᠤᠰ ᠤᠷᠤᠯᠳᠤᠭᠠᠨ ᠢ ᠳᠤᠮᠳᠠᠳᠤ ᠤᠯᠤᠰ ᠤᠨ ᠮᠠᠰᠢᠨ ᠳᠡᠷᠬᠡ ᠮᠤᠲ᠋ᠤᠷ ᠲᠡᠷᠬᠡᠨ ᠤ ᠬᠥᠳᠡᠯᠬᠡᠬᠡᠨ ᠤ ᠬᠤᠯᠪᠤᠭᠠᠳᠤ ᠬᠤᠷᠠᠯ᠂ ᠬᠠᠨᠭ᠍ᠬᠢᠨ ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠵᠤ᠂ 9 ᠰᠠᠷ᠎ᠠ ᠶᠢᠨ10 ᠤ ᠡᠳᠥᠷ ᠠᠴᠠ 16 ᠤ ᠡᠳᠥᠷ ᠪᠤᠯᠳᠠᠯ᠎ᠠ ᠶᠠᠪᠤᠭᠳᠠᠭᠤᠯᠬᠤ ᠪᠠᠷ ᠪᠤᠢ᠃ ᠤᠷᠤᠯᠳᠤᠭᠠᠨ ᠤ ᠲᠥᠷᠥᠯ | ᠵᠥᠢᠯ ᠳᠤ ᠥᠢᠷ᠎ᠠ ᠵᠠᠮ ᠤᠨ ᠤᠷᠤᠯᠳᠤᠭᠠᠨ᠂ ᠬᠥᠨᠳᠡᠢ ᠶᠢᠨ ᠭᠤᠤᠯ ᠤᠨ ᠤᠷᠤᠯᠳᠤᠭᠠᠨ ᠤ ᠬᠡᠰᠡᠭ᠂ ᠬᠥᠪᠴᠢ ᠶᠢᠨ ᠡᠯᠡᠰᠤᠨ ᠴᠥᠯ ᠤᠨ ᠤᠷᠤᠯᠳᠤᠭᠠᠨ ᠤ ᠬᠡᠰᠡᠭ ᠵᠡᠷᠭᠡ ᠶᠢ | ᠳᠤᠬᠢᠷᠠᠭᠤᠯᠵᠤ᠂ ᠤᠷᠤᠯᠳᠤᠭᠠᠨ ᠤ ᠬᠡᠰᠡᠭ ᠤᠨ ᠤᠷᠳᠤ ᠨᠢ ᠪᠠᠷᠤᠭ 500 ᠺᠢᠯᠦᠮᠧᠲᠷ᠂ ᠪᠥᠭᠦ ᠤᠷᠳᠤ ᠨᠢ ᠪᠠᠷᠤᠭ 1000 ᠺᠢᠯᠦᠮᠧᠲᠷ ᠪᠠᠶᠢᠵᠤ᠂ ᠡᠬᠦᠨ ᠳᠤ ᠡᠯᠡᠰᠤ ᠲᠠᠢ | ᠭᠠᠵᠠᠷ ᠨᠢ 60 % ᠶᠢ ᠡᠵᠡᠯᠡᠵᠤ᠂ ᠭᠤᠤᠯ ᠳᠠᠭᠠᠤ ᠶᠢᠨ ᠬᠠᠶᠢᠷ ᠴᠢᠯᠠᠭᠤᠨ ᠭᠠᠵᠠᠷ 40 % ᠶᠢ ᠡᠵᠡᠯᠡᠵᠤ ᠪᠤᠢ᠃ ᠤᠷᠤᠯᠳᠤᠭᠠᠨ ᠤ ᠬᠤᠭᠤᠴᠠᠭᠠᠨ ᠳᠤ ᠪᠡᠶ᠎ᠡ ᠶᠢᠨ | ᠳᠠᠮᠢᠷ᠂ ᠰᠤᠶᠤᠯ ᠵᠢᠭᠤᠯᠴᠢᠯᠠᠯ᠂ ᠵᠤᠭ᠎ᠠ ᠴᠡᠩᠬᠡᠯ ᠤᠨ ᠬᠠᠮᠢᠶᠠᠲᠠᠢ ᠪᠤᠰᠤᠳ ᠤᠯᠠᠨ ᠲᠥᠷᠥᠯ ᠤᠨ ᠠᠵᠢᠯᠯᠠᠭ᠎ᠠ ᠨᠤᠭᠤᠳ ᠢ ᠵᠡᠷᠬᠡ ᠪᠠᠷ ᠥᠷᠨᠢᠬᠦᠯᠵᠤ᠂ ᠬᠤᠯᠠ ᠥᠢᠷ᠎ᠠ ᠠᠴᠠ | ᠬᠥᠷᠥᠯᠴᠡᠨ ᠢᠷᠡᠭᠰᠡᠨ ᠤᠷᠤᠯᠴᠠᠭᠰᠠᠳ᠂ ᠵᠢᠭᠤᠯᠴᠢᠯᠠᠭᠰᠠᠳ ᠲᠤ ᠢᠳᠡ ᠭᠥᠭ ᠲᠠᠢ᠂ ᠭᠤᠶᠤ ᠰᠠᠶᠢᠬᠠᠨ ᠨᠠᠶᠢᠷ ᠨᠠᠭᠠᠳᠤᠮ ᠤᠨ ᠬᠥᠷᠳᠡᠬᠡᠯ ᠢ ᠤᠯᠭᠤᠬᠤ ᠪᠤᠯᠤᠨ᠎ᠠ᠃ | ᠥᠢᠯᠠᠭᠠᠭᠰᠠᠨ ᠢᠶᠠᠷ᠂ ᠳᠤᠮᠳᠠᠳᠤ ᠤᠯᠤᠰ ᠤᠨ ᠮᠠᠰᠢᠨ ᠲᠡᠷᠬᠡᠨ ᠤ ᠬᠥᠴᠤ ᠰᠤᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠬᠥᠪᠴᠢ ᠶᠢᠨ ᠡᠯᠡᠰᠤᠨ ᠴᠥᠯ ᠳᠤ | ᠨᠢᠬᠡᠨᠳᠡ ᠬᠤᠶᠠᠷ ᠬᠤᠭᠤᠴᠠᠭ᠎ᠠ ᠠᠮᠵᠢᠯᠳᠠ ᠲᠠᠢ ᠶᠠᠪᠤᠭᠳᠠᠵᠤ᠂ ᠮᠠᠰᠢ ᠤᠯᠠᠨ ᠬᠡᠬᠡᠷᠡᠯᠡᠨ ᠠᠶᠠᠯᠠᠬᠤ ᠤᠷᠤᠯᠳᠤᠭᠠᠨ ᠤ ᠨᠡᠷᠡᠳᠤ ᠳᠡᠷᠬᠡᠴᠢᠨ ᠢ ᠴᠤᠯᠭᠤᠷᠠᠭᠤᠯᠤᠨ | ᠭᠠᠷᠭᠠᠭᠰᠠᠨ ᠢᠶᠠᠷ ᠪᠠᠷᠠᠬᠤ ᠥᠬᠡᠢ ᠳᠡᠯᠡᠬᠡᠢ ᠶᠢᠨ ᠤᠷᠤᠯᠳᠤᠭᠠᠨ ᠤ ᠳᠠᠯᠠᠪᠤᠷ ᠲᠤ ᠰᠢᠯᠢᠳᠡᠭ ᠬᠢᠷᠢ ᠪᠥᠳᠤᠮᠵᠢ ᠶᠢ ᠡᠬᠦᠳᠥᠭᠰᠡᠨ ᠪᠠᠶᠢᠨ᠎ᠠ᠃ | | | |