ᠭᠤᠤᠯ ᠭᠠᠷᠤᠯᠳᠠ ᠶᠢᠨ ᠤᠷᠤᠨ ᠤ ᠡᠯ᠎ᠡ ᠲᠦᠷᠦᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠨᠡᠶᠢᠳᠡ ᠬᠤᠳᠠᠯᠳᠤᠨ ᠠᠪᠤᠭᠰᠠᠨ ᠵᠤᠨ ᠤ ᠠᠮᠤ ᠪᠤᠳᠠᠭ᠎ᠠ 5547 ᠲᠦᠮᠡᠨ ᠳᠤᠨ ᠳᠤ ᠬᠦᠷᠴᠡᠢ
ᠨᠡᠶᠢᠲᠡᠯᠡᠭᠰᠡᠨ ᠴᠠᠭ᠄
2023/9/12
     ᠤᠯᠤᠰ ᠤᠨ ᠠᠮᠤ ᠪᠤᠳᠠᠭ᠎ᠠ ᠪᠠ ᠡᠳ᠋ ᠪᠤᠳᠠᠰ ᠨᠦᠭᠡᠴᠡᠯᠡᠬᠦ ᠳᠤᠪᠴᠢᠶᠠᠨ ᠤ ᠰᠡᠭᠦᠯ ᠤᠨ ᠦᠶ᠎ᠡ ᠶᠢᠨ ᠮᠡᠳᠡᠭᠡ ᠶᠢ ᠦᠨᠳᠦᠰᠦᠯᠡᠪᠡᠯ᠂ ᠤᠳᠤ ᠪᠤᠯᠳᠠᠯ᠎ᠠ ᠭᠤᠤᠯ ᠭᠠᠷᠤᠯᠳᠠ ᠶᠢᠨ ᠤᠷᠤᠨ ᠤ ᠡᠯ᠎ᠡ ᠲᠦᠷᠦᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠨᠡᠶᠢᠳᠡ ᠬᠤᠳᠠᠯᠳᠤᠨ ᠠᠪᠤᠭᠰᠠᠨ ᠵᠤᠨ ᠤ ᠠᠮᠤ ᠪᠤᠳᠠᠭ᠎ᠠ 5547 ᠲᠦᠮᠡᠨ ᠳᠤᠨ ᠳᠤ ᠬᠦᠷᠴᠦ᠂ ᠡᠨᠡ ᠨᠢ ᠬᠤᠳᠠᠯᠳᠤᠨ ᠠᠪᠬᠤ ᠠᠬᠢᠴᠠ ᠶᠢᠨ ᠨᠠᠢᠮᠠᠨ ᠬᠤᠪᠢ ᠶᠢ ᠳᠠᠪᠠᠭᠰᠠᠨ ᠪᠠᠶᠢᠨ᠎ᠠ᠃ ᠪᠤᠭᠤᠳᠠᠢ ᠪᠤᠯ ᠵᠤᠨ ᠤ ᠠᠮᠤ ᠪᠤᠳᠠᠭᠠᠨ ᠤ ᠭᠤᠤᠯ ᠲᠦᠷᠦᠯ ᠪᠤᠯᠤᠨ᠎ᠠ᠃ ᠤᠳᠤ ᠪᠤᠯᠳᠠᠯ᠎ᠠ ᠵᠢᠶᠠᠩᠰᠤ᠂ ᠠᠨᠾᠦ᠋ᠢ᠂ ᠬᠤᠪᠸᠢ ᠶᠢᠨ ᠪᠤᠭᠤᠳᠠᠢ ᠶᠢᠨ ᠬᠦᠭ ᠦᠶ᠎ᠡ ᠶᠢᠨ ᠬᠤᠳᠠᠯᠳᠤᠨ ᠠᠪᠬᠤ ᠠᠬᠢᠴᠠ ᠰᠡᠭᠦᠯ ᠰᠢᠪᠳᠤᠷᠬᠤ ᠪᠤᠯᠵᠤ᠂ ᠾᠧᠨᠠᠨ᠂ ᠾᠧᠪᠸᠢ᠂ ᠱᠠᠨᠳᠦ᠋ᠩ ᠤᠨ ᠠᠬᠢᠴᠠ ᠳᠤᠯᠤᠭ᠎ᠠ ᠠᠴᠠ ᠨᠠᠢᠮᠠᠨ ᠬᠤᠪᠢ ᠳᠤ ᠬᠦᠷᠴᠦ ᠪᠠᠶᠢᠨ᠎ᠠ᠃         
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ