​ ᠱᠠᠭᠵᠠᠮᠤᠨᠢ ᠪᠠᠯᠭᠠᠰᠤᠨ ᠤ ᠡᠯ ᠰᠦᠸᠧ ᠬᠧ ᠯᠢᠶᠠᠩ ᠲᠣᠰᠬᠤᠨ ᠵᠣᠯᠭᠠᠭᠤᠯᠬᠤ ᠪᠠᠯᠠ ᠮᠥᠩᠭᠦ ᠶᠢ ᠠᠮᠢᠳᠤᠯᠢᠭ ᠬᠡᠷᠡᠭᠯᠡᠨ ᠬᠥᠳᠡᠭᠡ ᠲᠣᠰᠬᠤᠨ ᠢ ᠬᠥᠭᠵᠢᠭᠦᠯᠣᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/9/13
      ᠡᠨᠡ ᠵᠢᠯ᠂ ᠮᠠᠨ ᠤ ᠬᠤᠲᠠ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠭᠤᠤᠯᠳᠠᠯᠭ᠎ᠠ ᠲᠠᠢ ᠬᠡᠷᠡᠭᠯᠡᠵᠦ᠂ ᠬᠥᠳᠡᠭᠡ ᠲᠣᠰᠬᠤᠨ ᠤ ᠤᠨᠴᠠᠯᠢᠭᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠦ᠂ ᠪᠥᠬᠦ ᠬᠤᠲᠠ ᠶᠢᠨ ᠨᠢᠭᠡᠳᠦᠬᠡᠷ ᠠᠵᠤ ᠦᠢᠯᠡᠰ ᠢ ᠳᠠᠬᠢᠨ ᠴᠣᠭᠴᠠᠯᠠᠬᠤ ᠳᠤ ᠬᠦᠴᠦᠨ ᠨᠡᠮᠡᠷᠢᠯᠡᠵᠦ᠂ ᠠᠵᠤ ᠦᠢᠯᠡᠰ ᠢ ᠬᠥᠭᠵᠢᠬᠦᠯᠬᠦ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠤᠨ ᠪᠠᠶᠠᠵᠢᠭᠤᠯᠬᠤ ᠶᠢ ᠳᠠᠶᠢᠴᠢᠯᠠᠪᠠ᠃      ᠡᠨᠡ ᠵᠢᠯ᠂ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ ᠡᠯ ᠰᠦᠸᠧ ᠬᠧ ᠯᠢᠶᠠᠩ ᠲᠣᠰᠬᠤᠨ 500 ᠲᠦᠮᠡᠨ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠣᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠬᠤᠪᠢᠳᠠᠨ ᠣᠯᠵᠤ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ ᠬᠤᠨᠢᠨ ᠤ ᠡᠭᠦᠯᠳᠡᠷ ᠢ ᠰᠠᠶᠢᠵᠢᠷᠠᠭᠤᠯᠪᠠ᠃ ︽ᠪᠢᠳᠡ ᠭᠤᠤᠯᠳᠠᠭᠤ ᠮᠠᠯ ᠤᠨ ᠡᠬᠦᠯᠳᠡᠷ ᠢ ᠰᠠᠶᠢᠵᠢᠷᠠᠭᠤᠯᠵᠤ᠂ ᠰᠠᠭᠤᠷᠢᠨ ᠭᠠᠵᠠᠷ ᠠᠴᠠ ᠡᠮ᠎ᠡ ᠬᠤᠨᠢ ᠶᠢ ᠲᠣᠰᠬᠤᠨ ᠤ ᠠᠷᠠᠳ ᠲᠤ ᠬᠠᠩᠭᠠᠨ ᠥᠭᠴᠦ᠂ ᠲᠣᠰᠬᠤᠨ ᠤ ᠠᠷᠠᠳ ᠢᠶᠠᠷ ᠲᠡᠵᠢᠭᠡᠯᠭᠡᠵᠦ᠂ ᠲᠦᠯ ᠮᠠᠯ ᠢ ᠨᠢ ᠺᠣᠮᠫᠠᠨᠢ ᠠᠴᠠ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠲᠠᠬᠢᠨ ᠨᠢᠭᠡᠳᠦᠯᠲᠡᠶ ᠬᠤᠷᠢᠶᠠᠨ ᠠᠪᠳᠠᠭ︾ ᠭᠡᠵᠦ ᠡᠯ ᠰᠦᠸᠧ ᠭᠧ ᠯᠢᠶᠠᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠺᠠᠶ ᠲᠠᠨᠢᠯᠴᠠᠭᠤᠯᠪᠠ᠃      ᠡᠨᠡ ᠵᠢᠯ᠂ ᠮᠠᠨ ᠤ ᠬᠤᠲᠠ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢᠨ 70% ᠠᠴᠠ ᠳᠡᠭᠡᠭᠰᠢᠬᠢ ᠶᠢ ᠬᠥᠳᠡᠭᠡ ᠲᠣᠰᠬᠤᠨ ᠤ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠳᠤ ᠬᠡᠷᠡᠭᠯᠡᠵᠦ᠂ ᠨᠢᠭᠡᠨᠲᠡ 152 ᠵᠦᠢᠯ ᠤᠨ ᠪᠠᠯᠠ ᠮᠥᠩᠭᠦ ᠶᠢ ᠵᠣᠯᠭᠠᠭᠤᠯᠬᠤ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 13 ᠳ᠋ᠦᠩᠰᠢᠭᠤᠷ ᠲᠥᠭᠦᠷᠢᠭ ᠲᠤ ᠣᠶᠢᠷᠠᠳᠴᠠᠶ᠃ ᠲᠤᠯᠤᠭᠠᠶᠢᠯᠠᠬᠤ ᠠᠵᠤ ᠠᠬᠤᠶᠢᠯᠠᠯ ᠪᠠ  ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠭᠡ ᠪᠠᠷ ᠬᠥᠭᠵᠢᠭᠦᠯᠤᠨ᠂ ᠲᠠᠷᠢᠶᠠᠯᠠᠩ ᠮᠠᠯ ᠠᠵᠤ ᠠᠬᠤᠶ ᠶᠢ ᠳᠠᠷᠢᠵᠤ ᠲᠡᠵᠢᠭᠡᠬᠦ ᠭᠤᠭᠴᠤᠬ᠋᠎ᠠ ᠠᠴᠠ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠲᠡᠶᠢᠰᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠳᠠᠶᠢᠴᠢᠯᠠᠵᠦ᠂ ᠨᠢᠭᠡ ᠪᠦᠯᠣᠭ᠌ ᠠᠯᠤᠰ ᠬᠡᠲᠦ ᠶᠢᠨ ᠲᠥᠯᠣᠪ ᠢᠶᠠᠷ ᠰᠠᠶᠢᠨ᠂ ᠳᠠᠶᠢᠴᠢᠯᠠᠬᠤ ᠪᠠᠷ ᠴᠢᠩᠭ᠎ᠠ᠂ ᠦᠷ᠎ᠡ ᠠᠰᠢᠭ ᠢᠶᠠᠷ ᠥᠨᠳᠥᠷ ᠠᠵᠤ‌ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠲᠥᠪᠯᠡᠷᠡᠭᠦᠯᠤᠨ ᠲᠥᠯᠣᠪᠯᠡᠵᠦ ᠪᠠᠶᠢᠷᠢᠰᠢᠭᠤᠯᠪᠠ᠃ ᠮᠠᠨ ᠤ ᠬᠤᠲᠠ ᠳᠡᠭᠡᠳᠦ ᠱᠠᠲᠤᠨ ᠤ ᠵᠣᠯᠭᠠᠭᠤᠯᠬᠤ ᠪᠡᠯᠡ ᠮᠥᠩᠭᠦ ᠶᠢ 3 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠶ ᠤᠯᠬᠤ ᠪᠠᠷ ᠲᠥᠯᠣᠪᠯᠡᠨ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠯᠤᠪᠯᠡᠭᠡ ᠶᠢᠨ ᠲᠥᠰᠦᠪ ᠢ ᠵᠣᠯᠭᠠᠭᠤᠯᠬᠤ ᠪᠠᠯᠠ ᠮᠥᠩᠭᠦ ᠶᠢ 1.4 ᠳ᠋ᠦᠩᠰᠢᠭᠤᠷ ᠲᠥᠭᠦᠷᠢᠭ ᠣᠷᠴᠢᠮ ᠪᠠᠶᠢᠯᠭᠠᠵᠤ᠂ ᠬᠤᠰᠢᠭᠤ ᠲᠤᠭᠤᠷᠢᠭ ᠤᠨ ᠵᠣᠯᠭᠠᠭᠤᠯᠬᠤ ᠪᠠᠯᠠ ᠮᠥᠩᠭᠦ ᠶᠢᠨ ᠲᠥᠰᠦᠪ ᠢ 1.2 ᠳ᠋ᠦᠩᠰᠢᠭᠤᠷ ᠲᠥᠭᠦᠷᠢᠭ ᠳᠣᠭᠢᠷᠠᠭᠤᠯᠤᠨ᠂ 20 ᠳ᠋ᠦᠩᠰᠢᠭᠤᠷ ᠰᠢᠬᠠᠮ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠳᠤ ᠣᠷᠣᠭᠤᠯᠵᠤ᠂ ᠮᠠᠯᠴᠢᠨ ᠲᠠᠷᠢᠶᠠᠴᠢᠨ ᠤ ᠪᠦᠬᠦᠯᠢ ᠴᠣᠭᠴᠠ ᠶᠢᠨ ᠣᠷᠣᠯᠭ᠎ᠠ ᠶᠢᠨ ᠨᠡᠮᠡᠭᠳᠡᠯ ᠢ ᠪᠦᠲᠦᠮᠵᠢ ᠲᠠᠢ ᠠᠬᠢᠭᠤᠯᠵᠤ᠂ ᠣᠷᠳᠣᠰ ᠤᠨ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠣᠨ ᠮᠠᠨᠳᠤᠭᠤᠯᠬᠤ ᠵᠠᠮ ᠢ ᠨᠡᠭᠡᠭᠡᠬᠦ ᠪᠠᠷ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ