ᠴᠠᠭ ᠨᠢ ᠲᠣᠭᠲᠠᠪᠠ︕ ᠤᠳᠠᠯ ᠦᠭᠡᠢ ᠡᠬᠢᠯᠡᠬᠦ ᠭᠡᠵᠦ ᠪᠠᠶᠢᠨ᠎ᠠ
ᠨᠡᠶᠢᠲᠡᠯᠡᠭᠰᠡᠨ ᠴᠠᠭ᠄
2023/9/14
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠤᠤᠷᠠᠳᠤ ᠬᠠᠭᠠᠰ ᠵᠢᠯ ᠤᠨ ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ᠶᠢᠨ ᠪᠢᠷ ᠤᠨ ᠰᠢᠯᠭᠠᠯᠲᠠ ︵CET︶ ᠪᠠ ᠠᠮᠠᠨ ᠰᠢᠯᠭᠠᠯᠲᠠ ︵CET - SET︶ ᠶᠢᠨ ᠨᠡᠷ᠎ᠡ ᠮᠡᠳᠡᠭᠦᠯᠬᠦ ᠠᠵᠢᠯ ᠤᠳᠠᠯ ᠥᠬᠡᠶ ᠡᠬᠢᠯᠡᠬᠦ‌‍ᠭᠡᠵᠦ ᠪᠣᠶ᠂ ᠣᠲᠣ ᠨᠡᠷ᠎ᠡ ᠮᠡᠳᠡᠭᠦᠯᠬᠦ ᠬᠠᠮᠢᠶ᠎ᠠ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠶ᠎ᠡ᠄              ᠰᠢᠯᠭᠠᠬᠤ ᠬᠢᠴᠢᠶᠡᠯ ᠲᠥᠷᠥᠯ ᠵᠢᠴᠢ ᠴᠠᠭ ᠬᠤᠭᠤᠴᠠᠭ᠎ᠠ             CET ᠤᠨ ᠰᠢᠯᠭᠠᠯᠲᠠ ᠶᠢᠨ  ᠴᠠᠭ ᠨᠢ  12  ᠰᠠᠷ᠎ᠠ ᠶᠢᠨ  16 ᠤ  ᠡᠳᠦᠷ  ᠪᠣᠯᠤᠨ᠎ᠠ᠂  ᠰᠢᠯᠭᠠᠬᠤ  ᠬᠢᠴᠢᠶᠡᠯ‌‍ᠲ᠋ᠥ᠋ᠷᠥᠯ ᠨᠢ ᠠᠩᠭ᠍ᠯᠢ ᠬᠡᠯᠡᠨ ᠤ ᠳᠥᠷᠪᠡᠳᠦᠭᠡᠷ ᠳᠡᠰ ᠪᠠ ᠵᠢᠷᠭᠤᠳᠤᠭᠠᠷ ᠳᠡᠰ ᠪᠣᠯᠤᠨ᠎ᠠ᠃             ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ ᠳᠡᠰ᠂ ᠵᠢᠷᠭᠤᠳᠤᠭᠠᠷ  ᠳᠡᠰ ᠤᠨ  ᠠᠮᠠᠨ‌‍ᠰᠢᠯᠭᠠᠯᠲᠠ ︵CET - SET ᠭᠡᠵᠦ ᠲᠣᠪᠴᠢᠯᠠᠨ᠎ᠠ︶ ᠶᠢᠨ ᠰᠢᠯᠭᠠᠬᠤ ᠴᠠᠭ ᠨᠢ 11 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠤᠨ᠎ᠠ᠂ ᠡᠭᠦᠨ ᠳᠤ 18 ᠤ ᠡᠳᠦᠷ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠳᠥᠷᠪᠡᠳᠦᠭᠡᠷ ᠳᠡᠰ ᠢ ᠰᠢᠯᠭᠠᠵᠤ᠂19 ᠤ ᠡᠳᠦᠷ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠵᠢᠷᠭᠤᠳᠤᠭᠠᠷ ᠳᠡᠰ ᠢ ᠰᠢᠯᠭᠠᠨ᠎ᠠ᠃               ᠨᠡᠷ᠎ᠡ ᠮᠡᠳᠡᠭᠦᠯᠬᠦ ᠴᠠᠭ             9 ᠰᠠᠷ᠎ᠠ ᠶᠢᠨ 15 ᠤ ᠡᠳᠦᠷ ᠤᠨ 10᠄ 00 ᠴᠠᠭ — 9 ᠰᠠᠷ᠎ᠠ ᠶᠢᠨ 25 ᠤ ᠡᠳᠦᠷ ᠤᠨ 17᠄ 00 ᠴᠠᠭ᠃
ᠢᠷᠡᠯᠲᠡ᠄ ᠠᠷᠠᠳ ᠤᠨ ᠰᠦᠯᠵᠢᠶ᠎ᠡ