ᠠᠩᠬᠠᠳᠤᠭᠠᠷ ᠬᠤᠭᠤᠴᠠᠭᠠᠨ ᠤ ︽ᠣᠷᠳᠣᠰ ᠬᠤᠨᠳᠠᠭᠠᠲᠤ︾ ᠰᠢᠨ᠎ᠡ ᠶᠢ ᠡᠭᠦᠳᠬᠦ ᠦᠢᠯᠡᠰ ᠪᠦᠲᠦᠭᠡᠬᠦ ᠤᠷᠤᠯᠳᠤᠭᠠᠨ ︵ᠪᠡᠭᠡᠵᠢᠩ ᠤᠨ ᠤᠷᠤᠯᠳᠤᠭᠠᠨ ᠤ ᠲᠣᠭᠤᠷᠢᠭ︶ ᠤ ᠬᠤᠶᠠᠳᠠᠬᠢ ᠤᠷᠤᠯᠳᠤᠭᠠᠨ ᠡᠬᠢᠯᠡᠵᠠᠢ
ᠨᠡᠶᠢᠲᠡᠯᠡᠭᠰᠡᠨ ᠴᠠᠭ᠄
2023/9/14
       ᠤᠶᠢᠷ᠎ᠠ ᠶᠢᠨ ᠡᠳᠤᠷ᠂ ᠠᠩᠬᠠᠳᠤᠭᠠᠷ ᠬᠤᠭᠤᠴᠠᠭᠠᠨ ᠤ ︽ᠣᠷᠳᠣᠰ ᠬᠤᠨᠳᠠᠭᠠᠲᠤ︾ ᠰᠢᠨ᠎ᠡ ᠶᠢ ᠡᠭᠦᠳᠬᠦ ᠦᠢᠯᠡᠰ ᠪᠦᠲᠦᠭᠡᠬᠦ ᠤᠷᠤᠯᠳᠤᠭᠠᠨ ︵ᠪᠡᠭᠡᠵᠢᠩ ᠤᠨ ᠤᠷᠤᠯᠳᠤᠭᠠᠨ ᠤ ᠲᠣᠭᠤᠷᠢᠭ︶ ᠤ ᠬᠤᠶᠠᠳᠠᠬᠢ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠪᠡᠭᠡᠵᠢᠩ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠣ ᠸᠧᠨ ᠾᠧ ᠬᠤᠷᠠᠯ ᠳᠤ ᠣᠷᠣᠯᠴᠠᠭᠰᠠᠨ ᠤ ᠬᠠᠮᠲᠦ ᠦᠭᠡ ᠬᠡᠯᠡᠪᠠ᠃ ᠭᠤᠤ ᠸᠧᠨ ᠾᠧ᠂ ᠤᠷᠤᠯᠳᠤᠭᠠᠨ ᠢ ᠡᠷᠬᠢᠯᠡᠭᠰᠡᠨ ᠨᠢ ᠤᠷᠳᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠳᠡᠰ ᠳᠡᠪᠰᠢᠬᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠤᠶᠠᠳᠠᠬᠢ ᠤᠷᠤᠯᠳᠤᠭᠠᠨ ᠳᠤ᠂ ᠰᠢᠯᠭᠠᠷᠠᠭᠤᠯᠬᠤ ᠲᠤᠰᠬᠠᠢ ᠮᠡᠷᠭᠡᠵᠢᠯᠲᠡᠨ᠂ ᠤᠷᠤᠯᠳᠤᠭᠠᠨ ᠳᠤ ᠣᠷᠣᠯᠴᠠᠬᠤ ᠪᠦᠯᠬᠦᠮ ᠪᠤᠯᠤᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠰᠢᠯᠢᠳᠡᠭ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠂ ᠤᠷᠳᠤᠰ ᠬᠤᠳᠠ ᠶᠢᠨ ᠬᠢᠨ ᠤᠷᠤᠯᠳᠤᠭᠠᠨ ᠢᠶᠠᠷ ᠳᠠᠮᠵᠢᠭᠤᠯᠤᠨ ᠬᠦᠮᠦᠨ ᠡᠯᠰᠡᠬᠦ᠂ ᠤᠷᠤᠯᠳᠤᠭᠠᠨ ᠢᠶᠠᠷ ᠳᠠᠮᠵᠢᠭᠤᠯᠤᠨ ᠴᠢᠳᠠᠪᠤᠷᠢᠲᠠᠨ ᠢ ᠲᠠᠲᠠᠬᠤ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠳᠡᠮᠵᠢᠬᠦ ᠪᠦᠬᠦ ᠲᠠᠯ᠎ᠠ ᠶᠢᠨ ᠪᠠᠲᠤᠯᠠᠭ᠎ᠠ ᠶᠢ ᠬᠠᠨᠭ᠍ᠭᠠᠨ᠎ᠠ ᠭᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠤᠷᠤᠯᠳᠤᠭᠠᠨ ᠤ ᠬᠤᠶᠠᠳᠠᠬᠢ ᠤᠷᠤᠯᠳᠤᠭᠠᠨ ᠤ ᠡᠬᠢᠯᠡᠯᠲᠡ ᠶᠢ ᠬᠠᠮᠲᠤ ᠪᠠᠷ ᠭᠡᠷᠡᠴᠢᠯᠡᠭᠰᠡᠨ ᠪᠥᠭᠡᠳ ᠦᠰᠦᠨ ᠪᠤᠶᠢᠵᠢᠯᠳᠠ ᠶᠢᠨ ᠲᠤᠭᠤᠶᠢᠯᠠᠩ ᠪᠠ ᠠᠩᠬ᠎ᠠ ᠡᠭᠦᠳᠦᠯᠳᠡ ᠶᠢᠨ ᠳᠤᠭᠤᠶᠢᠯᠠᠩ ᠤᠨ ᠬᠢᠨᠠᠨ ᠲᠣᠭᠲᠠᠭᠠᠯᠳᠠ ᠶᠢᠨ ᠲᠤᠰᠬᠠᠢ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠵᠠᠢ᠃       ᠲᠣᠰ ᠤᠳᠠᠭᠠᠨ ᠤ ᠤᠷᠤᠯᠳᠤᠭᠠᠨ ᠳᠤ ᠤᠯᠤᠰ ᠤᠨ ᠳᠣᠲᠣᠭᠠᠳᠤ ᠶᠢᠨ 14 ᠨᠠᠷᠠᠲᠤ ᠪᠠᠯᠠ ᠣᠷᠣᠭᠤᠯᠤᠭᠴᠢ᠂ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠭᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠤᠷᠢᠵᠤ ᠬᠢᠨᠠᠨ ᠲᠣᠭᠲᠠᠭᠠᠬᠤ ᠬᠤᠶᠠᠷ ᠳᠤᠭᠤᠶᠢᠯᠠᠩ ᠢ ᠪᠠᠶᠢᠭᠤᠯᠵᠤ᠂ ᠲᠣᠰ ᠲᠣᠰ ᠪᠡᠭᠡᠵᠢᠩ ᠤᠨ ᠤᠷᠤᠯᠳᠤᠭᠠᠨ ᠤ ᠲᠣᠭᠤᠷᠢᠭ ᠤᠨ ᠠᠩᠬ᠎ᠠ ᠡᠭᠦᠳᠦᠯᠳᠡ ᠶᠢᠨ ᠳᠤᠭᠤᠶᠢᠯᠠᠩ ᠤᠨ 20 ᠲᠥᠷᠥᠯ ᠵᠦᠢᠯ᠂ ᠦᠰᠦᠨ ᠪᠤᠶᠢᠵᠢᠯᠳᠠ ᠶᠢᠨ ᠳᠤᠭᠤᠶᠢᠯᠠᠩ ᠤᠨ 20 ᠲᠥᠷᠥᠯ ᠵᠦᠢᠯ ᠢ ᠬᠢᠨᠠᠨ ᠰᠢᠯᠭᠠᠷᠠᠭᠤᠯᠪᠠ᠃ ᠤᠷᠤᠯᠳᠤᠭᠠᠨ ᠳᠤ ᠪᠠᠰᠠ 20 ᠭᠠᠷᠤᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠤᠷᠢᠵᠤ ᠲᠦᠷᠦᠯ ᠵᠦᠢᠯ ᠢ ᠰᠢᠯᠢᠨ ᠰᠣᠩᠭᠤᠵᠤ᠂ ᠤᠷᠤᠯᠳᠤᠭᠠᠨ ᠤ ᠳᠠᠷᠠᠭ᠎ᠠ ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ ᠶᠢ ᠵᠣᠯᠭᠠᠭᠤᠯᠬᠤ ᠬᠤᠷᠠᠯ ᠢ ᠡᠷᠬᠢᠯᠡᠵᠦ᠂ ᠰᠢᠯᠢᠳᠡᠭ ᠲᠦᠷᠦᠯ ᠵᠦᠢᠯ ᠪᠣᠯᠤᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠳᠤ ᠬᠦᠬᠦᠷᠭᠡ ᠬᠤᠯᠪᠤᠭᠠᠰᠦ ᠪᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠪᠠ᠃       ᠲᠤᠰ ᠤᠳᠠᠭ᠎ᠠ ᠶᠢᠨ ᠤᠷᠤᠯᠳᠤᠭᠠᠨ ᠢ ᠡᠬᠢᠯᠡᠭᠦᠯᠤᠭ᠍ᠰᠡᠨ ᠠᠴᠠ ᠨᠠᠭᠠᠰᠢ᠂ ᠠᠩᠭ᠍ᠯᠢ᠂ ᠬᠧᠷᠮᠡᠨ᠂ ᠳᠤᠮᠳᠠᠳᠤ ᠤᠯᠤᠰ ᠤᠨ ᠰᠢᠶᠠᠩᠭᠠᠩ ᠵᠢᠴᠢ ᠪᠦᠬᠦ ᠤᠯᠤᠰ ᠤᠨ ᠡᠯ᠎ᠡ ᠭᠠᠵᠠᠷ ᠤᠨ 42 ᠬᠤᠳᠠ ᠶᠢᠨ 443 ᠲᠦᠷᠦᠯ ᠵᠦᠢᠯ ᠨᠡᠷ᠎ᠡ ᠮᠡᠳᠡᠭᠦᠯᠤᠨ ᠤᠷᠤᠯᠳᠤᠭᠠᠨ ᠳᠤ ᠣᠷᠣᠯᠴᠠᠵᠤ᠂ ᠨᠠᠶᠢᠳᠠ 168 ᠲᠦᠷᠦᠯ ᠵᠦᠢᠯ ᠬᠤᠶᠠᠳᠠᠬᠢ ᠤᠷᠤᠯᠳᠤᠭᠠᠨ ᠳᠤ ᠣᠷᠣᠵᠠᠢ᠃     
ᠢᠷᠡᠯᠲᠡ᠄ ᠤᠷᠳᠤᠰ ᠤᠨ ᠡᠳᠤᠷ ᠤᠨ ᠰᠤᠨᠢᠨ