1 — 8 ᠰᠠᠷ᠎ᠠ ᠳᠤ᠂ ᠮᠠᠨ ᠤ ᠬᠤᠲᠠ ᠶᠢᠨ ᠳᠠᠪᠤᠰᠤᠨ ᠤ ᠦᠢᠯᠡᠰ ᠤᠨ ᠡᠷᠬᠢᠯᠲᠡ ᠶᠢᠨ ᠪᠠᠶᠢᠳᠠᠯ | ᠶᠡᠷᠦᠩᠬᠡᠶ ᠳᠡᠭᠡᠨ ᠨᠡᠯᠢᠶᠡᠳ ᠲᠣᠭᠲᠠᠭᠤᠨ ᠪᠠᠶᠢᠵᠤ᠂ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠠᠵᠢᠯ ᠡᠮᠬᠢ | ᠵᠢᠷᠤᠮ ᠲᠠᠢ ᠶᠠᠪᠤᠭᠳᠠᠵᠤ᠂ ᠨᠥᠭᠡᠴᠡᠯᠡᠭᠰᠡᠨ ᠳᠠᠪᠤᠰᠤᠨ ᠤ ᠨᠥᠭᠡᠴᠡ ᠶᠢᠨ ᠬᠡᠮᠵᠢᠶ᠎ᠡ ᠭᠦᠢᠴᠡᠳ ᠪᠠᠶᠢᠵᠤ᠂ | ᠨᠥᠭᠡᠴᠡᠯᠡᠭᠰᠡᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ | ᠲᠠᠪᠤᠰᠤᠨ ᠤ ᠦᠢᠯᠡᠳᠪᠦᠷᠢᠯᠡᠯ ᠤᠨ ᠪᠠᠶᠢᠳᠠᠯ ᠤᠨ ᠲᠠᠯ᠎ᠠ ᠪᠠᠷ᠂ ᠪᠥᠬᠦ ᠬᠤᠲᠠ ᠶᠢᠨ ᠢᠳᠡᠭᠡᠨ ᠤ ᠳᠠᠪᠤᠰᠤ ᠶᠢ | ᠨᠡᠶᠢᠲᠡ 5061.42 ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 3723.66 ᠲᠣᠨ | ᠨᠡᠮᠡᠭᠳᠡᠨ᠂ 278.35% ᠪᠠᠷ ᠳᠡᠭᠡᠭᠰᠢᠯᠡᠪᠡ︔ ᠠᠵᠤ ᠦᠢᠯᠡᠳᠪᠦᠷᠢ ᠶᠢᠨ ᠳᠠᠪᠤᠰᠤ ᠶᠢ ᠨᠡᠶᠢᠲᠡ 10519.9 | ᠲᠣᠨ ᠦᠢᠯᠡᠳᠪᠦᠷᠢᠯᠡᠪᠡ᠃ ᠲᠠᠪᠤᠰᠤᠨ ᠤ ᠪᠣᠷᠣᠯᠠᠭᠤᠯᠤᠯᠲᠠ ᠶᠢᠨ ᠪᠠᠶᠢᠳᠠᠯ ᠤᠨ ᠲᠠᠯ᠎ᠠ ᠪᠠᠷ᠂ ᠪᠥᠬᠦ ᠬᠤᠲᠠ ᠶᠢᠨ | ᠢᠳᠡᠭᠡᠨ ᠤ ᠳᠠᠪᠤᠰᠤ ᠶᠢ 8964.81 ᠲᠣᠨ ᠪᠣᠷᠣᠯᠠᠭᠤᠯᠵᠤ᠂ ᠠᠵᠤ ᠦᠢᠯᠡᠳᠪᠦᠷᠢ ᠶᠢᠨ ᠳᠠᠪᠤᠰᠤ ᠶᠢ 16076. | 5 ᠲᠣᠨ ᠪᠣᠷᠣᠯᠠᠭᠤᠯᠵᠤ᠂ ᠪᠤᠰᠤᠳ ᠳᠠᠪᠤᠰᠤ ᠶᠢ 674.09 ᠲᠣᠨ ᠪᠣᠷᠣᠯᠠᠭᠤᠯᠪᠠ᠃ ᠬᠥᠮᠥᠷᠭᠡᠯᠡᠯᠲᠡ ᠶᠢᠨ | ᠪᠠᠶᠢᠳᠠᠯ ᠤᠨ ᠲᠠᠯ᠎ᠠ ᠪᠠᠷ᠂ ᠪᠥᠬᠦ ᠬᠤᠲᠠ ᠶᠢᠨ ᠢᠳᠡᠭᠡᠨ ᠤ ᠳᠠᠪᠤᠰᠤᠨ ᠤ ᠬᠠᠳᠠᠭᠠᠯᠠᠬᠳᠠᠴᠠ 3539.03 ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 1433.52 ᠲᠣᠨ ᠨᠡᠮᠡᠭᠳᠡᠨ᠂ 68.08% ᠪᠠᠷ ᠳᠡᠭᠡᠭᠰᠢᠯᠡᠪᠡ︔ | ᠠᠵᠤ ᠦᠶ᠋ᠯᠡᠳᠪᠦᠷᠢ ᠶᠢᠨ ᠳᠠᠪᠤᠰᠤᠨ ᠤ ᠬᠠᠳᠠᠭᠠᠯᠠᠬᠳᠠᠴᠠ 57580.4 ᠲᠣᠨ ᠪᠠᠶᠢᠵᠤ᠂ ᠪᠤᠰᠤᠳ ᠳᠠᠪᠤᠰᠤᠨ ᠤ | ᠬᠠᠳᠠᠭᠠᠯᠠᠬᠳᠠᠴᠠ 251.83 ᠲᠣᠨ ᠪᠤᠢ᠃ ᠨᠥᠭᠡᠴᠡᠯᠡᠭᠰᠡᠨ ᠳᠠᠪᠤᠰᠤᠨ ᠤ ᠨᠥᠭᠡᠴᠡ ᠶᠢᠨ ᠪᠠᠶᠢᠳᠠᠯ ᠤᠨ ᠲᠠᠯ᠎ᠠ ᠪᠠᠷ | ᠂ ᠥᠪᠥᠷ ᠮᠣᠩᠭᠤᠯ ᠤᠨ ᠣᠷᠳᠣᠰ ᠬᠤᠲᠠ ᠶᠢᠨ ᠳᠠᠪᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠬᠤᠲᠠ ᠶᠢᠨ | ᠵᠠᠰᠠᠭ ᠤᠨ ᠣᠷᠳᠣᠨ ᠤ ᠳᠠᠪᠤᠰᠤ ᠨᠦᠬᠡᠴᠡᠯᠡᠬᠦ ᠡᠭᠦᠷᠭᠡ ᠶᠢ ᠡᠭᠦᠷᠭᠡᠯᠡᠵᠦ᠂ ᠪᠥᠬᠦ ᠬᠤᠲᠠ ᠶᠢᠨ ᠡᠯ᠎ᠡ ᠬᠤᠰᠢᠭᠤ | ᠲᠣᠭᠤᠷᠢᠭ ᠲᠤ ᠴᠥᠮ ᠨᠥᠭᠡᠴᠡ ᠲᠠᠢ ᠪᠠᠶᠢᠵᠤ᠂ ᠨᠡᠶᠢᠲᠡ 1609 ᠲᠣᠨ ᠢᠳᠡᠭᠡᠨ ᠤ ᠳᠠᠪᠤᠰᠤ ᠶᠢ ᠨᠥᠭᠡᠴᠡᠯᠡᠵᠦ᠂ | ᠡᠭᠦᠨ ᠳᠤ ᠵᠠᠰᠠᠭ ᠤᠨ ᠣᠷᠳᠣᠨ ᠤ ᠲᠠᠪᠤᠰᠤᠨ ᠤ ᠨᠦᠬᠡᠴᠡ 700 ᠲᠣᠨ ᠪᠠᠶᠢᠨ᠎ᠠ᠃ | |