ᠭᠠᠭ᠋ᠠᠢ ᠶᠢᠨ ᠬᠠᠯᠳᠠᠪᠤᠷᠢᠲᠤ ᠲᠠᠭᠰᠢᠭᠤᠷ ᠢ ᠵᠠᠰᠠᠬᠤ ᠠᠷᠭ᠎ᠠ
ᠨᠡᠶᠢᠲᠡᠯᠡᠭᠰᠡᠨ ᠴᠠᠭ᠄
2023/9/15
                                         ᠭᠠᠭ᠋ᠠᠢ ᠶᠢᠨ ᠬᠠᠯᠳᠠᠪᠤᠷᠢᠲᠤ ᠲᠠᠭᠰᠢᠭᠤᠷ ᠪᠣᠯ ᠭᠠᠭ᠋ᠠᠢ ᠶᠢᠨ ᠬᠠᠯᠳᠠᠪᠤᠷᠢᠲᠤ ᠲᠠᠭᠰᠢᠭᠤᠷ ᠤᠨ ᠸᠢᠷᠦ᠋ᠰ ᠠᠴᠠ ᠡᠭᠦᠰᠦᠭᠰᠡᠨ᠂ ᠬᠠᠯᠳᠠᠪᠤᠷᠢᠯᠠᠬᠤ ᠴᠢᠨᠠᠷ ᠢᠶᠠᠷ ᠥᠨᠳᠥᠷ ᠪᠣᠯᠪᠠᠴᠤ ᠦᠬᠦᠬᠦ ᠨᠣᠷᠮ᠎ᠠ ᠨᠢ ᠲᠦᠢᠯ ᠤᠨ ᠳᠣᠣᠷ᠎ᠠ ᠨᠢᠭᠡ ᠵᠦᠢᠯ ᠤᠨ ᠡᠪᠡᠳᠴᠢᠨ ᠮᠥᠨ᠂ ᠲᠣᠰ ᠡᠪᠡᠳᠴᠢᠨ ᠨᠢ ᠨᠠᠮᠤᠷ ᠡᠪᠦᠯ ᠤᠨ ᠤᠯᠠᠷᠢᠯ ᠳᠤ ᠣᠯᠠᠨ ᠡᠭᠦᠰᠳᠡᠭ᠃       ᠭᠠᠭ᠋ᠠᠢ ᠶᠢᠨ ᠬᠠᠯᠳᠠᠪᠤᠷᠢᠲᠤ ᠲᠠᠭᠰᠢᠭᠤᠷ ᠤᠨ ᠡᠮᠴᠢᠯᠡᠭᠡᠨ ᠤ ᠰᠢᠨᠵᠢ ᠲᠡᠮᠳᠡᠭ ᠲᠤ ᠴᠢᠭᠯᠡᠭᠦᠯᠦᠨ᠂ ᠬᠢᠲᠠᠳ ᠡᠮ ᠢᠶᠠᠷ ᠵᠠᠰᠠᠬᠤ ᠳᠤ ᠭᠤᠣᠯᠳᠠᠭᠤ ᠠᠮᠢᠰᠬᠤᠭᠠᠳᠠᠬᠤ ᠶᠢ ᠵᠣᠭᠰᠤᠭᠠᠬᠤ᠂ ᠬᠠᠨᠢᠶᠠᠳᠤ ᠶᠢ ᠳᠠᠷᠤᠬᠤ᠂ ᠬᠤᠣᠷ ᠢ ᠲᠠᠶᠢᠯᠬᠤ ᠠᠷᠭ᠎ᠠ ᠪᠠᠷ ᠭᠤᠣᠯᠯᠠᠨ᠎ᠠ᠃ 50 — 80g ᠶᠢᠨ ᠴᠢᠶᠣᠣ ᠰᠠᠨ ︵ ᠶᠢᠨ ᠶᠢᠨ ᠬᠤᠸᠠ᠂ ᠯᠦ ᠭᠧᠨ᠂ ᠯᠢᠶᠠᠨ ᠴᠢᠶᠣᠣ᠂ ᠬᠤᠯᠤᠰᠤᠨ ᠤ ᠨᠠᠪᠴᠢ᠂ ᠨᠢᠦ ᠪᠠᠩ ᠽᠢ᠂ ᠪᠠᠳᠷᠠᠰᠢ᠂ ᠴᠠᠶᠢᠪᠤᠷ ᠳ᠋ᠧᠦ ᡂᠢ᠂ ᠭᠠᠶᠢᠮᠤ ᠶᠢᠨ ᠲᠦᠷᠦᠭᠦᠦ᠂ ᠰᠢᠬᠢᠷ ᠡᠪᠡᠰᠦ︶ ᠶᠢ ᠰᠣᠩᠭᠤᠨ ᠬᠡᠷᠡᠭᠯᠡᠵᠦ᠂ ᠤᠰᠤ ᠪᠠᠷ ᠳᠡᠪᠲᠦᠭᠡᠨ ᠬᠡᠷᠡᠭᠯᠡᠪᠡᠯ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠬᠡᠢ ᠶᠢ ᠨᠠᠪᠲᠠᠷᠡᠭᠦᠯᠵᠦ ᠬᠠᠯᠠᠭᠤᠨ ᠢ ᠰᠠᠷᠨᠢᠭᠤᠯᠬᠤ ᠦᠢᠯᠡᠳᠦᠯ ᠲᠠᠢ᠃ ᠡᠸᠦ᠋ᠷᠦᠫᠡ ᠡᠮ ᠢᠶᠠᠷ ᠵᠠᠰᠠᠬᠤ ᠠᠷᠭ᠎ᠠ ᠭᠡᠪᠡᠯ᠂ ᠨᠢᠭᠡ ᠳᠤ᠂ ᠡᠪᠡᠳᠴᠢᠨ ᠲᠠᠢ ᠭᠠᠭ᠋ᠠᠢ ᠶᠢ ᠣᠯᠵᠤ ᠮᠡᠳᠡᠪᠡᠯ᠂ ᠡᠷᠬᠡᠪᠰᠢ ᠡᠪᠡᠳᠴᠢᠨ ᠲᠠᠢ ᠭᠠᠭ᠋ᠠᠢ ᠶᠢ ᠲᠤᠰᠠᠭᠠᠷᠯᠠᠨ ᠵᠠᠰᠠᠬᠤ ᠬᠡᠷᠡᠭᠲᠡᠢ︔ ᠬᠤᠶᠠᠷ ᠲᠤ᠂ ᠠᠷᠢᠭᠤᠳᠬᠠᠬᠤ ᠰᠢᠩᠭᠡᠨ ᠢᠶᠠᠷ ᠲᠠᠷᠢᠯᠭ᠎ᠠ ᠶᠢᠨ ᠬᠡᠷᠡᠭᠰᠡᠯ ᠢ ᠴᠢᠩᠭ᠎ᠠ ᠬᠢᠨᠠᠭᠤᠷ ᠠᠷᠢᠭᠤᠳᠬᠠᠨ᠎ᠠ᠃ ᠡᠪᠡᠳᠴᠢᠨ ᠲᠠᠢ ᠭᠠᠭ᠋ᠠᠢ ᠶᠢᠨ ᠪᠡᠶ᠎ᠡ ᠶᠢᠨ ᠬᠦᠨᠳᠦ ᠶᠢ ᠦᠨᠳᠦᠰᠦᠯᠡᠵᠦ᠂ ᠡᠳᠦᠷ ᠪᠦᠷᠢ ᠶᠢᠨ ᠥᠷᠯᠥᠭᠡ ᠦᠳᠡᠰᠢ ᠺᠢᠯᠣᠭ᠍ᠷᠠᠮ ᠪᠡᠶ᠎ᠡ ᠶᠢᠨ ᠬᠦᠨᠳᠦ ᠪᠠᠷ 25mg᠂ 15% ᠶᠢᠨ ᠳᠠᠪᠤᠰᠤᠨ ᠬᠦᠴᠢᠯ ᠤᠨ ᠮᠤᠷᠹᠢᠨ ᠭᠤᠸᠠᠨᠢᠳᠢᠨ ᠤ ᠲᠠᠷᠢᠯᠭ᠎ᠠ ᠶᠢᠨ ᠰᠢᠩᠭᠡᠨ ᠢ ᠲᠤᠰ ᠪᠦᠷᠢ ᠨᠢᠭᠡ ᠤᠳᠠᠭ᠎ᠠ ᠲᠠᠷᠢᠵᠤ᠂ ᠦᠷᠭᠦᠯᠵᠢᠯᠡᠨ 2 ᠡᠳᠦᠷ ᠲᠠᠷᠢᠨ᠎ᠠ᠃ ᠬᠤᠶᠠᠳᠠᠭᠴᠢ ᠬᠠᠯᠳᠠᠪᠤᠷᠢᠯᠠᠯ ᠡᠭᠦᠰᠬᠦ ᠠᠴᠠ ᠵᠠᠶᠢᠯᠠᠰᠬᠢᠬᠦ ᠶᠢᠨ ᠲᠥᠯᠥᠭᠡ᠂ ᠪᠠᠺᠲ᠋ᠧᠷᠢ ᠶᠢ ᠡᠰᠡᠷᠭᠦᠴᠡᠬᠦ ᠡᠳ᠋ ᠲᠠᠢ ᠬᠠᠪᠰᠤᠷᠭᠠᠨ ᠡᠮᠨᠡᠵᠦ ᠪᠣᠯᠣᠨ᠎ᠠ᠂ ᠵᠢᠱᠢᠶᠡᠯᠡᠪᠡᠯ ᠫᠧᠨᠢᠼᠢᠯᠢᠨ ᠢ ᠬᠠᠪᠰᠤᠷᠭᠠᠨ ᠡᠮᠨᠡᠵᠦ ᠪᠣᠯᠣᠨ᠎ᠠ᠃   
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ