ᠪᠥᠭᠦ ᠤᠯᠣᠰ ᠤᠨ ᠭᠡᠪᠴᠢᠶᠠᠨ ᠤ ᠡᠪᠡᠷ ᠨᠤᠮᠤ ᠶᠢᠨ ᠤᠷᠤᠯᠳᠤᠭᠠᠨ ᠠᠮᠵᠢᠯᠳᠠᠳᠠᠢ ᠦᠨᠳᠤᠷᠯᠠᠯ᠎ᠠ
ᠨᠡᠶᠢᠲᠡᠯᠡᠭᠰᠡᠨ ᠴᠠᠭ᠄
2023/9/18
                     ᠣᠶᠢᠷ᠎ᠠ ᠶᠢᠨ ᠡᠳᠦᠷ᠂ ᠪᠥᠭᠦ ᠤᠯᠣᠰ ᠤᠨ ᠭᠡᠪᠴᠢᠶᠠᠨ ᠤ ᠤᠯᠠᠮᠵᠢᠯᠠᠯᠳᠤ ᠡᠪᠡᠷ ᠨᠤᠮᠤ ᠶᠢᠨ ᠤᠷᠤᠯᠳᠤᠭᠠᠨ ᠤᠷᠳᠤᠰ ᠬᠤᠳᠠ ᠶᠢᠨ ᠦᠤᠰᠢᠨ ᠬᠤᠰᠢᠭᠤ ᠳᠤ ᠶᠠᠪᠤᠭᠳᠠᠯ᠎ᠠ᠃      ᠲᠤᠰ ᠤᠳᠠᠭᠠᠨ ᠤ ᠤᠷᠤᠯᠳᠤᠭᠠᠨ ᠳᠤ᠂ ᠰᠢᠯᠢ ᠶᠢᠨ ᠭᠤᠣᠯ᠂ ᠪᠠᠶᠠᠠᠨᠠᠭᠤᠷ᠂ ᠪᠤᠭᠤᠳᠤ᠂ ᠤᠯᠠᠭᠠᠨᠴᠠᠪ᠂ ᠠᠯᠠᠱᠠ᠂ ᠤᠷᠳᠤᠰ᠂ ᠪᠡᠭᠡᠵᠢᠩ ᠵᠡᠷᠭᠡ ᠭᠠᠵᠠᠷ ᠤᠨ 300 ᠭᠠᠷᠤᠢ ᠬᠠᠷᠪᠤᠭᠠᠴᠢᠨ ᠣᠷᠣᠯᠴᠠᠵᠤ᠂ 30 ᠮᠧᠲᠷ ᠤᠨ ᠵᠠᠢ ᠠᠴᠠ ᠰᠡᠷᠡᠨ ᠫᠠᠢ ᠬᠠᠷᠪᠤᠵᠤ ᠡᠷᠡᠭᠡᠢ ᠮᠡᠷᠭᠡᠨ ᠢᠶᠠᠨ ᠰᠢᠯᠭᠠᠯ᠎ᠠ᠃ ᠤᠷᠤᠯᠳᠤᠭᠠᠨ ᠨᠢ ᠡᠷᠡᠭᠳᠡᠢ᠂ ᠡᠮᠡᠭᠳᠡᠢ ᠶᠢᠨ ᠬᠤᠪᠢ ᠬᠦᠮᠦᠨ ᠤ ᠤᠷᠤᠯᠳᠤᠭᠠᠨ᠂ ᠬᠠᠮᠳᠤ ᠨᠢᠭᠡᠴᠡ ᠶᠢᠨ ᠤᠷᠤᠯᠳᠤᠭᠠᠨ ᠭᠡᠭᠦ ᠭᠤᠷᠪᠠᠨ ᠶᠡᠭᠡ ᠲᠦᠷᠥᠯ ᠢᠶᠠᠷ ᠶᠠᠪᠤᠭᠳᠠᠵᠤ᠂ ᠤᠷᠤᠯᠴᠠᠭᠴᠢ ᠨᠢᠭᠡᠪᠤᠷᠢ 30 ᠰᠤᠮᠤ ᠬᠠᠷᠪᠤᠵᠤ᠂ ᠤᠯᠤᠭᠰᠠᠨ ᠬᠤᠪᠢ ᠪᠠᠷ ᠡᠮᠤᠨ᠎ᠠ 64 ᠨᠡᠷ᠎ᠡ ᠶᠢ ᠨᠢ ᠱᠠᠩᠨᠠᠵᠠᠢ᠃ ᠡᠭᠦᠨ ᠳᠤ ᠡᠮᠡᠭᠳᠡᠢ ᠶᠢᠨ ᠲᠤᠭᠤᠶᠢᠯᠠᠩ ᠤᠨ ᠤᠷᠤᠯᠳᠤᠭᠠᠨ ᠳᠤ ᠤᠯᠠᠭᠠᠨᠴᠠᠪ ᠬᠤᠳᠠ ᠶᠢᠨ ᠲᠦᠷᠪᠠᠳ ᠬᠤᠰᠢᠭᠤᠨ ᠤ ᠠᠯᠳ᠋ᠬᠠᠤᠳᠣ ᠲᠡᠷᠢᠭᠦᠯᠡᠵᠦ᠂ ᠡᠷᠡᠭᠳᠡᠢ ᠶᠢᠨ ᠲᠤᠭᠤᠶᠢᠯᠠᠩ ᠤᠨ ᠤᠷᠤᠯᠳᠤᠭᠠᠨ ᠳᠤ ᠰᠢᠯᠢ ᠶᠢᠨ ᠭᠤᠣᠯ ᠠᠶᠢᠮᠠᠭ ᠤᠨ ᠵᠠᠭᠦᠨ ᠰᠦᠨᠢᠳ ᠬᠤᠰᠢᠭᠤᠨ ᠤ ᠬᠠᠰᠪᠠᠭᠠᠨ᠎ᠠ ᠲᠡᠷᠢᠭᠦᠯᠡᠵᠦ᠂ ᠬᠠᠮᠳᠤ ᠨᠢᠭᠡᠴᠡ ᠶᠢᠨ ᠤᠷᠤᠯᠳᠤᠭᠠᠨ ᠳᠤ ᠦᠤᠰᠢᠨ ᠬᠤᠰᠢᠭᠤᠨ ᠤ ᠲᠥᠯᠥᠭᠡᠯᠡᠭᠴᠢ ᠶᠢᠨ ᠪᠦᠯᠭᠦᠮ ᠲᠡᠷᠢᠭᠦᠯᠠᠵᠠᠢ᠃      ᠲᠤᠰ ᠤᠷᠤᠯᠳᠤᠭᠠᠨ ᠨᠢ ᠬᠠᠷᠪᠤᠭᠠᠴᠢᠳ ᠬᠠᠷᠢᠯᠴᠠᠨ ᠲᠤᠷᠰᠢᠯᠭ᠎ᠠ ᠪᠠᠨ ᠰᠤᠯᠢᠯᠴᠠᠬᠤ ᠰᠠᠶᠢᠬᠠᠨ ᠲᠠᠪᠴᠠᠩ ᠪᠣᠯᠵᠠᠢ᠃

9.18.1.jpg

9.18.2.jpg

9.18.3.jpg

     

ᠢᠷᠡᠯᠲᠡ᠄ ᠤᠷᠳᠣᠰ ᠮᠤᠩᠭᠤᠯ ᠰᠦᠯᠵᠢᠶ᠎ᠡ