| | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 8 ᠤ ᠡᠳᠦᠷ 78 ᠨᠢᠭᠡᠳᠬᠡᠯ ᠠᠷᠮᠢ ᠳᠤ ᠠᠵᠢᠯ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠢᠭᠡᠳᠬᠡᠯ | ᠠᠷᠮᠢ ᠶᠢᠨ ᠪᠠᠶᠢᠭᠤᠯᠤᠯᠲᠠ ᠬᠠᠮᠢᠶᠠᠷᠤᠯᠲᠠ ᠪᠣᠯᠣᠨ ᠪᠠᠶᠢᠯᠳᠤᠭᠠᠨ ᠬᠢᠬᠦ ᠬᠡᠷᠡᠭᠯᠡᠭᠡᠨ ᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠴᠡᠷᠢᠭ ᠠᠩᠭᠢ ᠶᠢᠨ ᠲᠠᠶᠢᠨ ᠳᠤ | ᠪᠡᠯᠡᠳᠬᠡᠬᠦ ᠲᠠᠶᠢᠨ ᠬᠢᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ | ᠪᠦᠲᠦᠮᠵᠢᠲᠡᠢ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 9 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 78 ᠨᠢᠭᠡᠳᠬᠡᠯ ᠠᠷᠮᠢ ᠳᠤ ᠠᠵᠢᠯ ᠪᠠᠶᠢᠴᠠᠭᠠᠪᠠ᠃ ᠵᠢᠷᠤᠭ ᠪᠣᠯ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ 78 ᠨᠢᠭᠡᠳᠬᠡᠯ ᠠᠷᠮᠢ ᠶᠢᠨ ᠪᠠᠶᠢᠭᠤᠯᠭ᠎ᠠ ᠳᠤ ᠬᠦᠷᠴᠦ᠂ ᠬᠠᠯᠠᠭᠤᠨ ᠠᠯᠠᠭ᠎ᠠ | ᠲᠡᠰᠢᠯᠲᠡ ᠶᠢᠨ ᠳᠤᠮᠳᠠ ᠲᠤᠰ ᠨᠢᠭᠡᠳᠬᠡᠯ ᠠᠷᠮᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ | ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢ ᠶᠢᠨ ᠫᠢᠩ ᠡᠩ ᠲᠡᠷᠢᠭᠦᠨ ᠳᠤ᠂ ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠮᠠᠨ ᠤ ᠤᠯᠤᠰ ᠤᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠵᠡᠷᠭᠡ | ᠭᠠᠵᠠᠷ ᠲᠤ ᠲᠦᠢᠯ ᠤᠨ ᠶᠡᠭᠡ ᠪᠣᠷᠣᠭᠠᠨ ᠪᠠ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠭᠠᠷᠪᠠ᠃ ᠴᠢᠯᠦᠭᠡᠯᠡᠬᠦ ᠴᠡᠷᠢᠭ ᠪᠣᠯᠣᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠦᠶᠡᠷ ᠢ ᠰᠡᠷᠭᠡᠶᠢᠯᠡᠨ | ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠦᠳᠲᠡᠷ ᠲᠦᠷᠭᠡᠨ ᠣᠷᠣᠯᠴᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠭᠠᠪᠰᠢᠭᠠᠢ ᠠᠩᠭᠢ ᠶᠢᠨ ᠦᠢᠯᠡᠳᠦᠯ ᠢᠶᠠᠨ ᠮᠠᠰᠢ ᠰᠠᠶᠢᠨ ᠪᠠᠳᠠᠷᠠᠭᠤᠯᠵᠤ᠂ ᠠᠷᠠᠳ ᠤᠨ ᠬᠡᠦᠬᠡᠳ ᠳᠡᠭᠦᠦ ᠨᠠᠷ | ᠴᠡᠷᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ 78 ᠨᠢᠭᠡᠳᠬᠡᠯ ᠠᠷᠮᠢ ᠶᠢ ᠲᠣᠬᠢᠷᠠᠭᠤᠯᠤᠨ ᠪᠠᠶᠢᠭᠤᠯᠤᠭᠰᠠᠨ ᠠᠴᠠ ᠨᠠᠭᠠᠰᠢᠬᠢ ᠴᠡᠷᠢᠭ ᠠᠩᠭᠢ ᠶᠢᠨ ᠪᠠᠶᠢᠭᠤᠯᠤᠯᠲᠠ ᠪᠣᠯᠣᠨ ᠡᠭᠦᠷᠭᠡ ᠪᠠᠨ | ᠭᠦᠢᠴᠡᠳᠬᠡᠭᠰᠡᠨ ᠪᠠᠶᠢᠳᠠᠯ ᠢ ᠨᠤᠲᠠᠯᠠᠪᠠ᠃ ᠲᠡᠷᠡ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠤᠨ ᠴᠢᠨᠠᠷ ᠴᠢᠨᠰᠠᠭ᠎ᠠ ᠪᠣᠯᠣᠨ ᠲᠦᠪᠰᠢᠨ ᠢ | ᠳᠡᠭᠡᠭᠰᠢᠯᠡᠭᠦᠯᠵᠦ᠂ᠬᠦᠨᠳᠦ ᠪᠡᠷᠬᠡ ᠰᠡᠳᠦᠪ ᠢ ᠲᠤᠰᠬᠠᠶᠢᠯᠠᠨ ᠰᠤᠳᠤᠯᠵᠤ ᠨᠠᠷᠢᠯᠢᠭ ᠪᠣᠯᠪᠠᠰᠤᠷᠠᠬᠤ ᠶᠢ ᠴᠢᠩᠭᠠᠳᠬᠠᠵᠤ᠂ ᠰᠢᠨ᠎ᠡ ᠴᠢᠨᠠᠷ ᠤᠨ ᠲᠠᠶᠢᠴᠢᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠬᠠᠷᠢᠶᠠᠯᠠᠭᠳᠠᠬᠤ ᠪᠠᠶᠢᠯᠳᠤᠭᠠᠨ ᠤ ᠬᠦᠴᠦᠨ᠂ ᠪᠠᠶᠢᠯᠳᠤᠭᠠᠨ ᠤ ᠨᠢᠭᠡᠴᠢ᠂ ᠪᠠᠶᠢᠯᠳᠤᠭᠠᠨ ᠤ ᠡᠯᠧᠮᠧᠨ᠋ᠲ ᠢ ᠠᠭᠤᠰᠤᠯᠴᠠᠭᠤᠯᠤᠨ | ᠬᠤᠷᠠᠮᠳᠤᠭᠤᠯᠬᠤ ᠶᠢ ᠴᠢᠩᠭᠠᠳᠬᠠᠵᠤ᠂ ᠬᠠᠮᠲᠤᠷᠠᠭᠰᠠᠨ ᠪᠠᠶᠢᠯᠳᠤᠭᠠᠨ ᠤ ᠰᠢᠰᠲ᠋ᠧᠮ ᠳᠤ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ | ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠴᠢᠩᠭ᠎ᠠ ᠠᠳᠬᠤᠨ ᠰᠠᠭᠤᠷᠢ ᠲᠠᠯᠪᠢᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠴᠡᠷᠢᠭ ᠠᠩᠭᠢ ᠶᠢᠨ ᠬᠥᠮᠦᠵᠢᠯ ᠬᠠᠮᠢᠶᠠᠷᠤᠯᠲᠠ ᠶᠢ ᠴᠢᠩᠳᠠᠯᠠᠵᠤ᠂ ᠴᠡᠷᠢᠭ ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠯ | ᠨᠢᠭᠡᠳᠦᠯ ᠪᠠ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠩᠭᠢ ᠶᠢᠨ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠠᠷᠤᠭ᠎ᠠ | ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠨᠢᠭᠡᠳᠬᠡᠯ ᠠᠷᠮᠢ ᠶᠢᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠳᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠬᠠᠷᠪᠢᠨ ᠤ 9 ᠰᠠᠷ᠎ᠠ ᠶᠢᠨ 10 ᠤ ᠴᠠᠭᠢᠯᠭᠠᠨ ᠮᠡᠳᠡᠭᠡ︶ | | |