ᠲᠥᠷᠥ ᠶᠢᠨ ᠶᠠᠪᠤᠳᠠᠯ ᠤᠨ ᠬᠤᠷᠢᠶ᠎ᠠ ︽ᠠᠭᠤᠯᠠ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ︾ ᠢ ᠲᠠᠶᠢᠯᠪᠤᠷᠢᠯᠠᠨ ᠶᠠᠷᠢᠭᠰᠠᠨ ᠪᠠᠶᠢᠨ᠎ᠠ
ᠨᠡᠶᠢᠲᠡᠯᠡᠭᠰᠡᠨ ᠴᠠᠭ᠄
2023/9/20
       ᠲᠥᠪ ᠷᠠᠳᠢᠣ᠋ ᠶᠢᠨ ᠮᠡᠳᠡᠭᠡ᠄ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ 18 ᠤ ᠡᠳᠦᠷ ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠠᠭᠤᠯᠠ ᠠᠭᠤᠷᠬᠠᠢ ᠶᠢᠨ ᠠᠶᠤᠯ ᠦᠭᠡᠢ ᠶᠢᠨ ᠪᠠᠶᠢᠳᠠᠯ ᠢ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠲᠠᠢ ᠬᠠᠷᠢᠭᠤᠴᠠᠯᠭᠠᠲᠠᠨ ︽ᠠᠭᠤᠯᠠ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ︾ ᠢ ᠲᠠᠶᠢᠯᠪᠤᠷᠢᠯᠠᠨ ᠶᠠᠷᠢᠭᠰᠠᠨ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠡᠨᠡ ︽ᠰᠠᠨᠠᠯ︾ ᠨᠢ ᠠᠭᠤᠯᠠ ᠠᠭᠤᠷᠬᠠᠢ ᠶᠢᠨ ᠠᠶᠤᠯ ᠦᠭᠡᠢ ᠪᠠᠶᠢᠬᠤ ᠶᠢ ᠵᠠᠰᠠᠨ ᠴᠡᠭᠴᠡᠯᠡᠬᠦ ᠠᠷᠭ᠎ᠠ ᠬᠡᠯᠪᠡᠷᠢ ᠶᠢ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠵᠤ᠂ ᠠᠭᠤᠯᠠ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯᠣᠨ᠎ᠠ᠃      ᠤᠯᠤᠰ ᠤᠨ ᠠᠭᠤᠯᠠ ᠠᠭᠤᠷᠬᠠᠢ ᠶᠢᠨ ᠠᠶᠤᠯ ᠦᠭᠡᠢ ᠶᠢᠨ ᠪᠠᠶᠢᠳᠠᠯ ᠢ ᠬᠢᠨᠠᠨ ᠪᠠᠶᠢᠴᠠᠭᠠᠬᠤ ᠲᠣᠪᠴᠢᠶᠠᠨ ᠤ ᠳᠡᠳ᠋ ᠳᠠᠷᠤᠭ᠎ᠠ ᠵᠠᠩ ᠰᠢᠨ ᠲᠠᠨᠢᠯᠴᠠᠭᠤᠯᠬᠤ ᠳᠠᠭᠠᠨ᠂ ᠡᠨᠡ ︽ᠰᠠᠨᠠᠯ︾ ᠪᠣᠯ ︽ᠤᠷᠢᠳᠴᠢᠯᠠᠨ ᠰᠡᠷᠭᠡᠶᠢᠯᠡᠬᠦ︾ ᠠᠷᠭ᠎ᠠ ᠬᠡᠯᠪᠡᠷᠢ ᠲᠡᠰᠢ ᠬᠤᠪᠢᠷᠠᠭᠤᠯᠬᠤ ᠶᠢᠨ ᠲᠥᠯᠥᠭᠡ ᠳᠤᠷᠠᠳᠤᠭᠰᠠᠨ ᠠᠷᠭ᠎ᠠ ᠪᠣᠳᠣᠯᠭ᠎ᠠ ᠨᠤᠭᠤᠳ ᠪᠠᠶᠢᠵᠤ᠂ ᠠᠶᠤᠯ ᠲᠦᠭᠰᠢᠭᠦᠷᠢ ᠶᠢ ᠭᠡᠮ ᠰᠣᠭᠤᠭ ᠢᠯᠡᠷᠡᠬᠦ ᠠᠴᠠ ᠨᠢ ᠡᠮᠦᠨ᠎ᠡ ᠠᠷᠢᠯᠭᠠᠵᠤ᠂ ᠭᠡᠮ ᠰᠣᠭᠤᠭ ᠢ ᠠᠳᠡᠯ ᠬᠡᠷᠡᠭ ᠭᠠᠷᠬᠤ ᠠᠴᠠ ᠨᠢ ᠡᠮᠦᠨ᠎ᠡ ᠠᠷᠢᠯᠭᠠᠬᠤ ᠶᠠᠪᠤᠳᠠᠯ ᠪᠣᠯᠣᠨ᠎ᠠ᠃ ᠠᠭᠤᠯᠠ ᠠᠭᠤᠷᠬᠠᠢ ᠶᠢᠨ ᠬᠥᠮᠥᠰ ᠲᠤ ᠮᠡᠳᠡᠭᠳᠡᠭᠡ ᠦᠭᠡᠢ ᠭᠡᠮ ᠰᠣᠭᠤᠭ ᠠᠴᠠ ᠪᠣᠯᠵᠤ ᠭᠠᠮᠰᠢᠭ ᠡᠭᠦᠰᠬᠦ ᠬᠦᠴᠦᠨ ᠵᠦᠢᠯ ᠢ ᠪᠠᠶᠢᠩᠭᠤ ᠶᠢᠨ ᠴᠢᠨᠠᠷᠲᠠᠢ᠂ ᠲᠣᠭᠲᠠᠴᠠ ᠶᠢᠨ ᠴᠢᠨᠠᠷᠲᠠᠢ ᠨᠡᠶᠢᠳᠡᠮ ᠳᠤᠨᠢ ᠵᠠᠰᠠᠨ ᠴᠡᠭᠴᠡᠯᠡᠵᠦ᠂ ᠬᠦᠨᠳᠦ ᠶᠡᠭᠡ ᠭᠠᠢ ᠭᠠᠮᠰᠢᠭ ᠢ ᠣᠷᠣᠨ ᠲᠣᠭᠤᠷᠢᠭ ᠬᠤᠪᠢᠶᠠᠨ ᠬᠠᠮᠢᠶᠠᠷᠴᠤ᠂ ᠤᠷᠢᠳᠴᠢᠯᠠᠨ ᠬᠠᠮᠢᠶᠠᠷᠬᠤ ᠪᠣᠯᠣᠨ᠎ᠠ᠃ ᠭᠡᠮ ᠰᠣᠭᠤᠭ ᠢ ᠪᠠᠶᠢᠴᠠᠭᠠᠵᠤ ᠲᠣᠳᠣᠯᠠᠭ᠎ᠠ ᠦᠭᠡᠢ᠂ ᠢᠯᠡᠷᠡᠭᠦᠯᠦᠭᠡ ᠦᠭᠡᠢ᠂ ᠪᠦᠷᠢᠨ ᠵᠠᠰᠠᠨ ᠴᠡᠭᠴᠡᠯᠡᠵᠦ ᠳᠡᠶᠢᠯᠦᠭᠡ ᠦᠭᠡᠢ ᠪᠠᠶᠢᠪᠠᠯ᠂ ᠠᠭᠤᠷᠬᠠᠢ ᠮᠠᠯᠲᠠᠵᠤ ᠪᠣᠯᠬᠤ ᠦᠭᠡᠢ᠃ ᠵᠠᠳᠠᠭᠠᠢ ᠠᠭᠤᠷᠬᠠᠢ ᠶᠢᠨ ᠬᠠᠵᠠᠭᠤ ᠬᠠᠪᠢ᠂ ᠮᠠᠯᠲᠠᠵᠤ ᠳᠠᠭᠤᠰᠤᠭᠰᠠᠨ ᠠᠭᠤᠷᠬᠠᠢ ᠶᠢᠨ ᠬᠠᠰᠢᠯᠭ᠎ᠠ ᠳᠠᠯᠠᠩ ᠵᠡᠷᠭᠡ ᠶᠢ ᠰᠦᠯᠵᠢᠶ᠎ᠡ ᠪᠠᠷ ᠬᠢᠨᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠭᠤᠷᠬᠠᠢ ᠶᠢᠨ ᠬᠤᠳᠳᠤᠭ ᠤᠨ ᠪᠣᠢ ᠪᠦᠬᠦᠢ ᠠᠵᠢᠯ ᠤᠨ ᠭᠠᠵᠠᠷ ᠲᠤ ︽ᠬᠢᠨᠠᠯᠲᠠ ᠪᠠᠶᠢᠬᠤ ᠦᠭᠡᠢ ᠪᠣᠯ ᠠᠵᠢᠯᠯᠠᠭᠤᠯᠬᠤ ᠦᠭᠡᠢ︾ ᠪᠠᠶᠢᠬᠤ ᠬᠡᠷᠡᠭᠲᠡᠢ ᠭᠡᠵᠡᠢ᠃      ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠲᠠᠯ᠎ᠠ ᠪᠠᠷ᠂ ︽ᠰᠠᠨᠠᠯ︾ ᠳᠤ ᠲᠣᠳᠣᠷᠬᠠᠢ ᠵᠢᠭᠠᠬᠤ ᠳᠠᠭᠠᠨ᠂ ᠠᠭᠤᠷᠬᠠᠢ  ᠲᠠᠢ ᠬᠤᠯᠪᠣᠭᠳᠠᠭᠰᠠᠨ ᠲᠥᠪ ᠤᠨ ᠬᠠᠷᠢᠶᠠᠨ ᠤ ᠠᠵᠤ ᠠᠬᠤᠶᠢᠯᠠᠯ ᠤᠨ ᠶᠡᠷᠦᠩᠬᠡᠢ ᠭᠠᠵᠠᠷ ᠪᠣᠯᠣᠨ ᠠᠭᠤᠷᠬᠠᠢ ᠲᠠᠢ ᠬᠤᠯᠪᠣᠭᠳᠠᠭᠰᠠᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠠᠶᠤᠯ ᠦᠭᠡᠢ ᠶᠢᠨ ᠬᠢᠨᠠᠯᠲᠠ ᠲᠠᠯᠪᠢᠬᠤ ᠳᠠᠷᠤᠭ᠎ᠠ ᠲᠣᠬᠢᠷᠠᠭᠤᠯᠬᠤ ᠶᠣᠰᠣᠲᠠᠢ᠂ ᠡᠨᠡ ᠪᠣᠯ ᠤᠯᠤᠰ ᠠᠴᠠ ᠠᠩᠬ᠎ᠠ ᠤᠳᠠᠭ᠎ᠠ ᠳᠤᠷᠠᠳᠴᠤ ᠪᠠᠶᠢᠭ᠎ᠠ ᠶᠤᠮ᠃ ᠤᠯᠤᠰ ᠤᠨ ᠠᠭᠤᠯᠠ ᠠᠭᠤᠷᠬᠠᠢ ᠶᠢᠨ ᠠᠶᠤᠯ ᠦᠭᠡᠢ ᠶᠢᠨ ᠪᠠᠶᠢᠳᠠᠯ ᠢ ᠬᠢᠨᠠᠨ ᠪᠠᠶᠢᠴᠠᠭᠠᠬᠤ ᠲᠣᠪᠴᠢᠶᠠᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯ ᠦᠭᠡᠢ ᠶᠢᠨ ᠪᠠᠶᠢᠳᠠᠯ ᠢ ᠬᠢᠨᠠᠨ ᠪᠠᠶᠢᠴᠠᠭᠠᠬᠤ ᠵᠤᠷᠭᠠᠨ ᠤ ᠳᠠᠷᠤᠭ᠎ᠠ ᠯᠢ ᠹᠧᠩ ᠢᠯᠡᠷᠬᠡᠶᠢᠯᠡᠬᠦ ᠳᠡᠭᠡᠨ᠂ ᠠᠶᠤᠯ ᠦᠭᠡᠢ ᠶᠢᠨ ᠬᠢᠨᠠᠯᠲᠠ ᠲᠠᠯᠪᠢᠬᠤ ᠳᠠᠷᠤᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ᠂ ᠡᠶᠢᠮᠦ ᠲᠤᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ᠂ ᠠᠶᠤᠯ ᠦᠭᠡᠢ ᠦᠢᠯᠡᠳᠪᠦᠷᠢᠯᠡᠯ ᠤᠨ ᠦᠷ᠎ᠡ ᠪᠦᠲᠦᠮᠵᠢ ᠨᠢ ᠢᠯᠡᠷᠬᠡᠢ ᠪᠠᠶᠢᠳᠠᠭ ᠠᠭᠤᠯᠠ ᠠᠭᠤᠷᠬᠠᠢ ᠶᠢᠨ ᠴᠠᠷ ᠬᠦᠷᠢᠶᠡᠨ ᠤ ᠨᠢᠭᠡ ᠪᠦᠯᠦᠭ ᠦᠯᠢᠭᠡᠷ ᠵᠢᠱᠢᠶ᠎ᠡ ᠪᠣᠯᠬᠤᠶᠢᠴᠠ ᠠᠵᠤ ᠠᠬᠤᠶᠢᠯᠠᠯ ᠢ ᠰᠣᠩᠭᠤᠨ ᠭᠠᠷᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠨ ᠴᠢᠩᠭᠠᠳᠬᠠᠵᠤ᠂ ᠨᠢᠭᠡ ᠠᠵᠤ ᠠᠬᠤᠶᠢᠯᠠᠯ ᠢᠶᠠᠷ ᠪᠦᠬᠦᠶᠢᠯᠡ ᠠᠵᠤ ᠦᠢᠯᠡᠰ ᠢ ᠳᠠᠶᠢᠴᠢᠯᠠᠵᠤ᠂ ᠡᠳᠡᠭᠡᠷ ᠠᠷᠭ᠎ᠠ ᠪᠣᠳᠣᠯᠭ᠎ᠠ ᠶᠢ ᠪᠦᠬᠦ ᠤᠯᠤᠰ ᠲᠤ ᠨᠠᠶᠢᠳᠠᠪᠤᠷᠢᠵᠢᠭᠤᠯᠬᠤ ᠪᠣᠯᠣᠨ᠎ᠠ ᠭᠡᠵᠡᠢ᠃   
ᠢᠷᠡᠯᠲᠡ᠄ ᠲᠦᠪ ᠤᠨ ᠠᠷᠠᠳ ᠤᠨ ᠷᠠᠳᠢᠤ᠋ ᠨᠠᠪᠳᠡᠷᠡᠬᠦᠯᠬᠡ ᠶᠢᠨ ᠮᠤᠩᠭᠤᠯ ᠰᠦᠯᠵᠢᠶ᠎ᠡ