| ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠲᠣᠬᠢᠷᠠᠭᠤᠯᠤᠨ | ᠲᠡᠭᠦᠯᠳᠡᠷᠵᠢᠭᠦᠯᠬᠦ ᠲᠤᠬᠠᠢ ᠳᠦᠷᠦ ᠶᠢᠨ ᠪᠣᠳᠣᠯᠭ᠎ᠠ ᠶᠢᠨ ᠮᠡᠳᠡᠭᠳᠡᠯ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶ | ᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠡᠯ᠎ᠡ ᠲᠤᠰᠠᠭᠠᠷ ᠲᠦᠯᠦᠪᠯᠡᠬᠡᠳᠦ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠱᠠᠩᠬᠠᠢ ᠶᠢᠨ ᠶᠡᠷᠦᠩᠬᠡᠢ ᠬᠡᠯᠲᠡᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ᠂ ᠲᠤᠰᠠᠭᠠᠷ ᠲᠦᠯᠦᠪᠯᠡᠬᠡᠳᠦ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠡᠯ᠎ᠡ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠡᠯ᠎ᠡ ᠶᠡᠭᠡ ᠳᠡᠭᠡᠳᠦ ᠰᠤᠷᠭᠠᠭᠤᠯᠢ᠂ ᠡᠯ᠎ᠡ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ᠄ | ᠰᠤᠷᠤᠭᠴᠢᠳ ᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠤᠭᠴᠢᠳ ᠤᠨ | ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠬᠠᠢ ᠳᠦᠷᠦ ᠶᠢᠨ ᠪᠣᠳᠣᠯᠭ᠎ᠠ ᠶᠢ ᠲᠣᠬᠢᠷᠠᠭᠤᠯᠤᠨ | ᠲᠡᠭᠦᠯᠳᠡᠷᠵᠢᠭᠦᠯᠬᠦ ᠪᠠᠷ ᠳᠤᠭᠳᠠᠪᠠ᠂ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠨᠡᠮᠡᠭᠳᠡᠬᠦᠯᠦᠨ᠎ᠡ | 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ | ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ︵ᠬᠤᠶᠠᠳᠤᠭᠠᠷ ᠣᠶᠤᠲᠠᠨ ᠤ ᠴᠣᠯᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠣᠷᠣᠭᠴᠢ᠂ ᠪᠡᠯᠡᠳᠬᠡᠯ ᠠᠩᠭᠢ ᠶᠢᠨ ᠰᠣᠷᠣᠭᠴᠢ ᠪᠠᠭᠲᠠᠨ᠎ᠠ᠂ ᠳᠣᠷᠣᠭᠰᠢ ᠠᠳᠠᠯᠢ︶ ᠶᠢᠨ ᠬᠥᠮᠥᠨ ᠪᠦᠷᠢ ᠶᠢᠨ ᠵᠢᠯ ᠪᠦᠷᠢ ᠶᠢᠨ ᠭᠤᠶᠤᠴᠢᠯᠠᠬᠤ ᠵᠢᠭᠡᠯᠡᠯᠭᠡ ᠶᠢ | 12000 ᠲᠥᠭᠦᠷᠢᠭ ᠠᠴᠠ ᠬᠡᠲᠦᠷᠡᠬᠦᠯᠬᠦ ᠦᠭᠡᠢ ᠪᠠᠶᠢᠭᠰᠠᠨ ᠠᠴᠠ ᠪᠠᠨ 16000 ᠲᠥᠭᠦᠷᠢᠭ ᠠᠴᠠ ᠬᠡᠲᠦᠷᠡᠬᠦᠯᠬᠦ ᠦᠭᠡᠢ ᠪᠣᠯᠭᠠᠵᠤ ᠨᠡᠮᠡᠭᠳᠡᠬᠦᠯᠦᠨ᠎ᠡ︔ ᠪᠦᠬᠦᠯᠢ | ᠡᠳᠦᠷ ᠤᠨ ᠳᠦᠷᠢᠮᠲᠦ ᠠᠰᠫᠢᠷᠠᠨᠲ ᠤᠨ ᠬᠥᠮᠥᠨ ᠪᠦᠷᠢ ᠶᠢᠨ ᠵᠢᠯ ᠳᠤ ᠭᠤᠶᠤᠴᠢᠯᠠᠬᠤ ᠵᠢᠭᠡᠯᠡᠯᠭᠡ ᠶᠢ 16000 ᠲᠥᠭᠦᠷᠢᠭ ᠠᠴᠠ ᠬᠡᠲᠦᠷᠡᠭᠦᠯᠬᠦ ᠦᠭᠡᠢ | ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠨᠡᠮᠡᠭᠳᠡᠬᠦᠯᠦᠨ᠎ᠡ᠃ ᠰᠤᠷᠤᠭᠴᠢᠳ ᠤᠨ ᠭᠤᠶᠤᠴᠢᠯᠠᠭᠰᠠᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠵᠢᠨᠰᠦ᠋ᠢᠳᠬᠡᠯ ᠪᠠ ᠬᠤᠨᠤᠭ ᠤᠨ ᠰᠦᠢᠳᠬᠡᠯ ᠢ | ᠲᠦᠯᠦᠬᠦ ᠳᠤ ᠤᠷᠢᠳᠠᠪᠠᠷ ᠬᠡᠷᠡᠭᠯᠡᠵᠦ᠂ ᠬᠡᠲᠦᠷᠡᠭᠰᠡᠨ ᠬᠡᠰᠡᠭ ᠢ ᠨᠢ ᠡᠳᠦᠷ ᠲᠤᠳᠤᠮ ᠤᠨ ᠠᠮᠢᠳᠤᠷᠠᠯ ᠤᠨ ᠰᠦᠢᠳᠬᠡᠯ ᠢ ᠨᠡᠮᠡᠷᠢᠯᠡᠬᠦ ᠳᠤ ᠬᠡᠷᠡᠭᠯᠡᠨ᠎ᠡ᠃ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠴᠡᠷᠢᠭ ᠤᠨ ᠠᠯᠪᠠ ᠬᠠᠭᠠᠬᠤ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠵᠢᠨᠰᠦ᠋ᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠦᠯᠦᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠵᠢᠴᠢ ᠦᠨᠳᠦᠰᠦᠨ ᠱᠠᠲᠤᠨ ᠤ | ᠠᠵᠢᠯ ᠣᠯᠭᠤᠯᠲᠠ ᠶᠢ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠦᠯᠦᠬᠦ ᠪᠠᠷᠢᠮᠵᠢᠶ᠎ᠠ ᠶᠢ ᠵᠣᠬᠢᠴᠠᠩᠭᠤᠢ ᠪᠠᠷ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ | ᠬᠥᠮᠥᠨ ᠪᠦᠷᠢ ᠵᠢᠯ ᠳᠤ ᠬᠠᠮᠤᠭ ᠥᠨᠳᠥᠷ ᠲᠡᠭᠡᠨ 16000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠂ ᠰᠤᠳᠤᠯᠬᠤ ᠰᠤᠷᠤᠭᠴᠢ ᠬᠥᠮᠥᠨ ᠪᠦᠷᠢ ᠵᠢᠯ ᠳᠤ | ᠬᠠᠮᠤᠭ ᠥᠨᠳᠥᠷ ᠲᠡᠭᠡᠨ 20000 ᠲᠦᠬᠦᠷᠢᠭ ᠠᠴᠠ ᠬᠡᠳᠦᠷᠡᠬᠦᠯᠬᠦ ᠦᠭᠡᠢ ᠪᠤᠯᠭᠠᠵᠤ ᠲᠤᠬᠢᠷᠠᠭᠤᠯᠤᠨ᠎ᠠ᠃ | ᠬᠤᠶᠠᠷ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠬᠦᠦ ᠮᠥᠩᠭᠦ ᠶᠢᠨ ᠨᠤᠷᠮ᠎ᠠ ᠶᠢ ᠲᠣᠬᠢᠷᠠᠭᠤᠯᠤᠨ᠎ᠠ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠬᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠠᠴᠠ 30 ᠰᠠᠭᠤᠷᠢ ᠴᠡᠭ ᠬᠠᠰᠤᠵᠤ᠂ ᠠᠳᠠᠯᠢ | ᠬᠤᠭᠤᠴᠠᠭᠠᠨ ᠤ ᠠᠳᠠᠯᠢ ᠲᠠᠰ ᠤᠨ LPR ᠪᠣᠯᠭᠠᠨ 60 ᠰᠠᠭᠤᠷᠢ ᠴᠡᠭ ᠬᠠᠰᠤᠨ᠎ᠠ᠃ ᠡᠭᠦᠨ ᠠᠴᠠ ᠡᠮᠦᠨ᠎ᠡ ᠨᠢᠭᠡᠨᠲᠡ ᠭᠠᠷ ᠤᠨ ᠥᠰᠥᠭ ᠵᠢᠷᠤᠭᠰᠠᠨ | LPR ᠶᠢᠨ ᠬᠦᠳᠡᠯᠦᠩᠬᠦᠢ ᠬᠦᠦ ᠮᠥᠩᠭᠦ ᠶᠢᠨ ᠨᠣᠷᠮ᠎ᠠ ᠪᠠᠷ ᠯᠠᠪᠯᠠᠯᠲᠠ ᠪᠣᠯᠭᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠭᠡᠷ᠎ᠡ ᠶᠢ ᠳᠠᠭᠠᠭᠠᠨ ᠭᠦᠢᠴᠡᠳᠬᠡᠬᠦ ᠪᠠᠩᠬᠢ ᠨᠢ ᠵᠢᠭᠡᠯᠡᠯᠭᠡ ᠵᠢᠭᠡᠯᠡᠭᠰᠡᠨ ᠰᠣᠷᠣᠭᠴᠢ ᠲᠠᠢ ᠵᠥᠪᠳᠡᠯᠴᠡᠵᠦ ᠪᠠᠶᠢᠭᠠᠳ ᠤᠤᠯ ᠤᠨ ᠭᠡᠷ᠎ᠡ ᠶᠢᠨ ᠬᠦᠦ ᠮᠦᠩᠬᠦ ᠶᠢᠨ | ᠨᠣᠷᠮ᠎ᠠ ᠶᠢᠨ ᠠᠳᠠᠯᠢ ᠬᠤᠭᠤᠴᠠᠭᠠᠨ ᠤ ᠠᠳᠠᠯᠢ ᠲᠠᠰ ᠤᠨ LPR ᠶᠢ 60 ᠰᠠᠭᠤᠷᠢ ᠴᠡᠭ ᠪᠣᠯᠭᠠᠨ ᠲᠣᠬᠢᠷᠠᠭᠤᠯᠵᠤ ᠪᠣᠯᠣᠨ᠎ᠠ᠃ | ᠭᠤᠷᠪᠠ᠂ ᠠᠰᠫᠢᠷᠠᠨᠲ ᠤᠨ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠠᠵᠢᠯ ᠢ ᠦᠷᠨᠢᠬᠦᠯᠦᠨ᠎ᠡ | ᠠᠰᠫᠢᠷᠠᠨᠲ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠵᠦᠢ ᠵᠣᠬᠢᠰᠲᠠᠢ ᠰᠤᠷᠤᠯᠴᠠᠯᠭ᠎ᠠ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠵᠤ᠂ | ᠠᠰᠫᠢᠷᠠᠨᠲ ᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠦᠯᠦᠬᠡ᠂ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠰᠤᠷᠭᠠᠭᠤᠯᠢ ᠳᠤ ᠪᠠᠶᠢᠭ᠎ᠠ ᠠᠰᠫᠢᠷᠠᠨᠲ ᠲᠤ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ ᠲᠡᠳᠬᠦᠮᠵᠢ ᠶᠢᠨ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠠᠷᠳᠠᠮ ᠨᠢ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤ ᠠᠰᠫᠢᠷᠠᠨᠲ ᠤᠨ | ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠦᠢᠯᠡᠳᠬᠦᠨ ᠢ ᠴᠢᠭᠯᠡᠭᠦᠯᠬᠦ ᠴᠢᠨᠠᠷᠲᠠᠢ ᠪᠠᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ | ᠬᠠᠮᠲᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ | ᠬᠠᠷᠠᠭᠠᠯᠵᠠᠯ ᠦᠵᠡᠬᠦᠯᠦᠨ᠎ᠡ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ ᠡᠭᠦᠨ ᠠᠴᠠ ᠡᠮᠦᠨᠡᠬᠢ ᠲᠣᠭᠲᠠᠭᠠᠯ ᠨᠢ ᠲᠤᠰ ᠮᠡᠳᠡᠭᠳᠡᠯ ᠲᠠᠢ | ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ ᠲᠣᠰ ᠮᠡᠳᠡᠭᠳᠡᠯ ᠲᠤ ᠲᠣᠭᠲᠠᠭᠠᠭᠰᠠᠨ ᠦᠭᠡᠢ ᠵᠦᠢᠯ ᠢ ᠤᠤᠯ ᠤᠨ ᠲᠥᠷᠥ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠬᠦᠯᠦᠨ᠎ᠡ ᠃ | ᠰᠤᠷᠭᠠᠨ ᠬᠥᠮᠦᠵᠢᠯ ᠤᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ | ᠮᠥᠩᠭᠦᠨ ᠬᠦᠢᠯᠭᠡᠭᠡᠨ ᠤ ᠬᠢᠨᠠᠨ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ | 2023 ᠣᠨ ᠤ 9 ᠰᠠᠷ᠎ᠠ ᠶᠢ 11 ᠤ ᠡᠳᠦᠷ | ᠢᠷᠡᠯᠳᠡ᠄ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ | ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ ᠰᠤᠪᠠᠭ | | | | | |