9 ᠰᠠᠷ᠎ᠠ ᠠᠴᠠ ᠲᠠᠨ ᠤ ᠤᠷᠤᠯᠭ᠎ᠠ ᠴᠢᠨᠢ ᠨᠡᠮᠡᠭᠳᠡᠵᠦ ᠮᠡᠳᠡᠨ᠎ᠡ
ᠨᠡᠶᠢᠲᠡᠯᠡᠭᠰᠡᠨ ᠴᠠᠭ᠄
2023/9/20
                                       ᠣᠶᠢᠷ᠎ᠠ ᠳᠤ᠂ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠬᠦᠯᠬᠦ᠂ ᠰᠢᠯᠢᠳᠡᠭᠵᠢᠭᠦᠯᠬᠦ᠂ ᠲᠡᠭᠦᠯᠳᠡᠷᠵᠢᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠬᠤᠶᠢᠨ᠎ᠠ ᠬᠤᠶᠢᠨ᠎ᠠ ᠠᠴᠠ ᠪᠠᠨ ᠨᠡᠶᠢᠲᠡᠯᠡᠭᠰᠡᠨ ᠶᠠᠪᠤᠳᠠᠯ‌ᠨᠢ ᠲᠠᠨ ᠤ ᠤᠷᠤᠯᠭ᠎ᠠ ᠳᠤ ᠠᠰᠢᠭᠲᠠᠶ ᠶᠤᠮ᠃               ᠣᠷᠣᠯᠭ᠎ᠠ ᠶᠢ ᠨᠡᠮᠡᠭᠳᠡᠬᠦᠯᠬᠦ ᠶᠢ ᠠᠬᠢᠭᠤᠯᠬᠤ ᠂ ᠬᠡᠷᠡᠭᠯᠡᠭᠡ ᠶᠢ ᠥᠷᠭᠡᠳᠬᠡᠬᠦ ᠳᠤ ᠠᠩᠬᠠᠷᠤᠯ ᠢᠶᠠᠨ  ᠲᠥᠪᠯᠡᠷᠡᠭᠦᠯᠵᠦ᠂ᠣᠯᠠᠨ ᠵᠦᠢᠯ ᠤᠨ ᠴᠢᠬᠤᠯᠠ ᠲᠥᠷᠥ ᠶᠢᠨ ᠪᠣᠳᠣᠯᠭ᠎ᠠ ᠶᠢ ᠲᠤᠬᠳᠠᠭᠠᠪᠠ               ᠣᠶᠢᠷ᠎ᠠ ᠳᠤ᠂ ᠠᠵᠤ ᠠᠬᠤᠶ ᠶᠢᠨ ᠠᠵᠢᠯᠯᠠᠭ᠎ᠠ ᠶᠢᠨ ᠦᠷᠭᠦᠯᠵᠢᠯᠡᠨ ᠰᠠᠶᠢᠵᠢᠷᠠᠬᠤ ᠶᠢ ᠲᠠᠰᠤᠷᠠᠯᠲᠠ ᠥᠬᠡᠶ ᠠᠬᠢᠭᠤᠯᠬᠤ‌ᠵᠢᠨ ᠲᠤᠭᠤᠷᠢᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ  ᠰᠠᠯᠠᠭ᠎ᠠ  ᠮᠥᠴᠢᠷ  ᠤᠨ  ᠬᠢᠨ  ᠣᠯᠠᠨ  ᠵᠦᠢᠯ ‍ᠤᠨ‌‍ᠴᠢᠬᠤᠯᠠ ᠲᠥᠷᠥ ᠶᠢᠨ ᠪᠣᠳᠣᠯᠭ᠎ᠠ ᠨᠡᠶᠢᠲᠡᠯᠡᠵᠠᠢ᠃               9 ᠰᠠᠷ᠎ᠠ ᠶᠢᠨ 7 ᠤ ᠡᠳᠦᠷ᠂ ᠡᠳ᠋ ᠤᠨ ᠵᠠᠰᠠᠭ ᠤᠨ ᠶᠠᠮᠤᠨ ᠤ ᠳᠡᠳ᠋  ᠰᠠᠶᠢᠳ  ᠸᠠᠩ  ᠳ᠋ᠦᠩ  ᠸᠧᠶ  ᠲᠥᠷᠥ ᠶᠢᠨ ᠶᠠᠪᠤᠳᠠᠯ ᠤᠨ ᠬᠤᠷᠢᠶ᠎ᠠ  ᠶᠢᠨ  ᠲᠥᠷᠥ ᠶᠢᠨ  ᠪᠣᠳᠣᠯᠭ᠎ᠠ ᠶᠢᠨ  ᠵᠤᠷᠰᠢᠯᠲᠤ  ᠰᠣᠨᠢᠨ  ᠮᠡᠳᠡᠭᠡ  ᠨᠡᠶᠢᠲᠡᠯᠡᠬᠦ  ᠬᠤᠷᠠᠯ ᠳᠡᠭᠡᠷ᠎ᠡ᠂ ᠣᠷᠣᠯᠭ᠎ᠠ ᠶᠢ ᠨᠡᠮᠡᠭᠳᠡᠭᠦᠯᠬᠦ᠂ ᠬᠡᠷᠡᠭᠯᠡᠭᠡ ᠶᠢ ᠥᠷᠭᠡᠳᠬᠡᠬᠦ ᠳᠤ ᠠᠩᠬᠠᠷᠤᠯ ᠢᠶᠠᠨ  ᠲᠥᠪᠯᠡᠷᠡᠭᠦᠯᠬᠦ  ᠲᠠᠯ᠎ᠠ ᠪᠠᠷ᠂  ᠨᠢᠭᠡ ᠳᠤ  3ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ᠂ ᠦᠷ᠎ᠡ  ᠬᠡᠦᠬᠡᠳ   ᠲᠡᠭᠡᠨ  ᠰᠤᠷᠭᠠᠨ  ᠬᠥᠮᠦᠵᠢᠯ ᠬᠦᠷᠳᠡᠭᠡᠬᠦ᠂ ᠨᠠᠰᠤᠲᠠᠨ ᠢᠶᠠᠨ ᠠᠰᠠᠷᠠᠨ ᠲᠡᠵᠢᠭᠡᠬᠦ ᠭᠤᠷᠪᠠᠨ ᠵᠦᠢᠯ ᠤᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠤᠶᠠᠷ ᠲᠤ ᠪᠥᠬᠦ  ᠵᠢᠯ ᠤᠨ  ᠨᠢᠭᠡ  ᠯᠡ ᠤᠳᠠᠭᠠᠨ ᠤ ᠴᠢᠨᠠᠷᠲᠠᠶ ᠱᠠᠩᠨᠠᠯ ᠤᠨ ᠮᠥᠩᠭᠦ  ᠶᠢᠨ ᠲᠤᠰᠠᠭᠠᠷ ᠭᠠᠶᠢᠯᠢ ᠶᠢ ᠪᠤᠳᠤᠬᠤ ᠴᠠᠭ ᠬᠤᠭᠤᠴᠠᠭ᠎ᠠ  ᠶᠢ ᠤᠷᠳᠤᠳᠬᠠᠨ᠎ᠠ᠃ ᠭᠤᠷᠪᠠ ᠳᠤ ᠣᠷᠣᠨ ᠰᠠᠭᠤᠴᠠ ᠬᠤᠳᠠᠯᠳᠤᠨ ᠠᠪᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠴᠠᠭᠠᠬᠤ  ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠡᠷᠡᠭᠵᠢᠬᠦᠯᠵᠦ᠂ ᠰᠠᠭᠤᠭᠠᠯᠢ ᠠᠷᠠᠳ ᠤᠨ ᠭᠠᠶᠢᠯᠢ ᠲᠠᠲᠠᠪᠤᠷᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠪᠠ᠃       ᠪᠣᠳᠠᠲᠠᠶ ᠪᠠᠷ ᠬᠡᠯᠡᠪᠡᠯ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ  ᠰᠠᠭᠠᠲᠠᠭᠤᠯᠤᠨ  ᠠᠰᠠᠷᠠᠬᠤ᠂  ᠦᠷ᠎ᠡ ᠬᠡᠦᠬᠡᠳ ᠲᠡᠭᠡᠨ ᠰᠤᠷᠭᠠᠨ ᠬᠥᠮᠦᠵᠢᠯ ᠬᠦᠷᠳᠡᠭᠡᠬᠦ ᠲᠤᠰᠬᠠᠶ ᠵᠦᠢᠯ ᠤᠨ ᠨᠡᠮᠡᠯᠲᠡ  ᠰᠠᠭᠤᠳᠬᠠᠯ ᠤᠨ  ᠪᠠᠷᠢᠮᠵᠢᠶ᠎ᠠ ᠶᠢ  ᠣᠲᠣ ᠶᠢᠨ ᠬᠡᠷᠡᠭᠵᠢᠭᠦᠯᠵᠦ ᠪᠠᠶᠢᠭ᠎ᠠ ᠬᠡᠦᠬᠡᠳ ᠨᠢᠭᠡᠪᠦᠷᠢ ᠳᠤ ᠰᠠᠷ᠎ᠠ ᠳᠠᠭᠠᠨ 1000 ᠲᠥᠭᠦᠷᠢᠭ ᠦᠭᠴᠦ ᠪᠠᠶᠢᠭᠰᠠᠨ ᠠᠴᠠ  ᠲᠣᠰ  ᠲᠣᠰ2000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠠᠰᠤᠳᠠᠨ  ᠢᠶᠠᠨ  ᠠᠰᠠᠷᠠᠨ  ᠲᠡᠵᠢᠭᠡᠬᠦ  ᠲᠤᠰᠬᠠᠶ  ᠵᠦᠢᠯ ᠤᠨ  ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ  ᠰᠠᠷ᠎ᠠ  ᠳᠠᠭᠠᠨ  2000  ᠲᠥᠭᠦᠷᠢᠭ  ᠪᠠᠶᠢᠭᠰᠠᠨ ᠠᠴᠠ  3000  ᠲᠥᠭᠦᠷᠢᠭ  ᠪᠣᠯᠭᠠᠨ ᠳᠡᠭᠡᠭᠰᠢᠯᠡᠭᠦᠯᠦᠨ᠎ᠡ᠃               ᠪᠥᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠬᠤᠪᠢ ᠬᠥᠮᠦᠨ ᠤ ᠠᠰᠢᠭ  ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ  ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠬᠤᠪᠢ ᠬᠥᠮᠦᠨ ᠤ ᠣᠯᠤᠭᠰᠠᠨ ᠪᠦᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠨᠢ ︽ᠬᠤᠪᠢ ᠬᠥᠮᠦᠨ ᠤ ᠣᠯᠤᠭᠰᠠᠨ ᠪᠦᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠵᠡᠷᠭᠡ ᠬᠤᠪᠢ ᠬᠥᠮᠦᠨ ᠤ ᠠᠰᠢᠭ ᠤᠷᠤᠯᠭ᠎ᠠ ᠶᠢᠨ  ᠭᠠᠶᠢᠯᠢ  ᠲᠠᠲᠠᠪᠤᠷᠢᠯᠠᠬᠤ  ᠠᠷᠭ᠎ᠠ ᠶᠢ  ᠪᠣᠳᠣᠬᠤ  ᠠᠰᠠᠭᠤᠳᠠᠯ ᠳᠤ  ᠲᠣᠬᠢᠷᠠᠭᠤᠯᠤᠯᠲᠠ ᠬᠢᠬᠦ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ  ᠶᠡᠷᠦᠩᠬᠡᠶ ᠲᠤᠪᠴᠢᠶ᠎ᠠ  ᠶᠢᠨ ᠮᠡᠳᠡᠭᠳᠡᠯ︾ ︵ᠤᠯᠤᠰ ᠭᠠᠶᠢᠯᠢ ᠲᠠᠷᠬᠠᠭᠠᠭᠰᠠᠨ〔2005〕9  ᠳ᠋ᠤᠭᠡᠷ ᠲᠣᠭᠠᠲᠤ︶ ᠤᠨ ᠲᠣᠭᠲᠠᠭᠠᠯ ᠳᠤ   ᠨᠡᠶᠢᠴᠡᠵᠦ ᠪᠠᠶᠢᠪᠠᠯ᠂ ᠲᠤᠰ ᠵᠢᠯ ᠤᠨ ᠶᠡᠷᠦᠩᠬᠡᠶᠢᠯᠡᠭᠰᠡᠨ ᠠᠰᠢᠭ ᠤᠷᠤᠯᠭ᠎ᠠ ᠳᠤ ᠨᠡᠶᠢᠯᠡᠭᠦᠯᠦᠨ ᠣᠷᠣᠭᠤᠯᠬᠤ ᠦᠭᠡᠶ᠂ ᠪᠦᠬᠦ ᠵᠢᠯ ᠤᠨ ᠨᠢᠭᠡ  ᠤᠳᠠᠭ᠎ᠠ ᠶᠢᠨ  ᠴᠢᠨᠠᠷᠲᠠᠶ ᠱᠠᠩᠨᠠᠯ ᠤᠨ ᠮᠥᠩᠭᠦ ᠶᠢᠨ ᠣᠷᠣᠯᠭ᠎ᠠ ᠶᠢ 12 ᠰᠠᠷ᠎ᠠ ᠪᠠᠷ ᠬᠤᠪᠢᠶᠠᠭᠠᠳ ᠣᠯᠤᠭᠰᠠᠨ ᠲᠤᠭ᠎ᠠ ᠪᠠᠷ ᠨᠢ ᠲᠤᠰ  ᠠᠯᠪᠠᠨ  ᠵᠠᠷ ᠲᠤ ᠳᠠᠭᠠᠯᠳᠤᠭᠤᠯᠤᠭᠰᠠᠨ ᠰᠠᠷ᠎ᠠ ᠪᠠᠷ ᠰᠣᠯᠢᠵᠤ ᠪᠣᠳᠣᠭᠰᠠᠨ ᠤ ᠳᠠᠷᠠᠭᠠᠬᠢ ᠶᠡᠷᠦᠩᠬᠡᠶᠢᠯᠡᠭᠰᠡᠨ ᠠᠰᠢᠭ  ᠤᠷᠤᠯᠭ᠎ᠠ ᠶᠢᠨ ᠭᠠᠶᠢᠯᠢ ᠶᠢᠨ ᠨᠣᠷᠮ᠎ᠠ ᠶᠢᠨ ᠬᠦᠰᠦᠨᠦᠭᠲᠦ ᠶᠣᠰᠣᠭᠠᠷ᠂ ᠲᠣᠬᠢᠷᠠᠬᠤ ᠭᠠᠶᠢᠯᠢ ᠶᠢᠨ ᠨᠣᠷᠮ᠎ᠠ ᠪᠣᠯᠤᠨ ᠲᠦᠷᠭᠡᠨ ᠪᠣᠳᠣᠭᠰᠠᠨ  ᠬᠠᠰᠤᠵᠤ  ᠭᠠᠷᠭᠠᠬᠤ ᠲᠤᠭ᠎ᠠ ᠶᠢ ᠲᠣᠭᠲᠠᠭᠠᠵᠤ᠂ ᠲᠤᠰᠢᠶᠠᠬᠤ ᠭᠠᠶᠢᠯᠢ ᠶᠢ ᠲᠤᠰᠠᠭᠠᠷ ᠪᠤᠳᠤᠨ᠎ᠠ᠃             2024 ᠣᠨ ᠤ 1 ᠰᠠᠷ᠎ᠠ ᠶᠢᠨ  1 ᠤ  ᠡᠳᠦᠷ ᠠᠴᠠ  2025  ᠣᠨ ᠤ  12  ᠰᠠᠷ᠎ᠠ ᠶᠢᠨ  31 ᠤ  ᠡᠳᠦᠷ ᠪᠣᠯᠲᠠᠯ᠎ᠠ᠂  ᠥᠪᠡᠷ ᠤᠨ  ᠣᠷᠣᠨ  ᠰᠠᠭᠤᠴᠠ ᠪᠠᠨ  ᠬᠤᠳᠠᠯᠳᠤᠬᠤ ᠶᠢᠨ  ᠬᠠᠮᠲᠤ  ᠣᠲᠣ ᠶᠢᠨ ᠣᠷᠣᠨ ᠰᠠᠭᠤᠴᠠ ᠪᠠᠨ ᠬᠤᠳᠠᠯᠳᠤᠭᠰᠠᠨ ᠤ ᠳᠠᠷᠠᠭᠠᠬᠢ 1 ᠵᠢᠯ ᠤᠨ ᠳᠣᠲᠣᠷ᠎ᠠ ᠵᠠᠬ᠎ᠠ ᠳᠡᠯᠭᠡᠭᠦᠷ ᠠᠴᠠ ᠣᠷᠣᠨ ᠰᠠᠭᠤᠴᠠ ᠳᠠᠬᠢᠨ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠨᠢ ᠣᠲᠣ ᠶᠢᠨ ᠣᠷᠣᠨ ᠰᠠᠭᠤᠴᠠ ᠪᠠᠨ ᠬᠤᠳᠠᠯᠳᠤᠬᠤ ᠳᠠᠭᠠᠨ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠨᠢᠭᠡᠨᠲᠡ ᠲᠤᠰᠢᠶᠠᠭᠰᠠᠨ ᠪᠤᠯ ᠭᠠᠶᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ᠃ ᠡᠭᠦᠨ ᠳᠤ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ  ᠰᠠᠭᠤᠴᠠ ᠶᠢᠨ  ᠵᠣᠭᠤᠰ ᠤᠨ  ᠲᠤᠭ᠎ᠠ ᠨᠢ  ᠣᠳᠣ ᠶᠢᠨ  ᠣᠷᠣᠨ  ᠰᠠᠭᠤᠴᠠ ᠶᠢ  ᠰᠢᠯᠵᠢᠭᠦᠯᠦᠨ ᠥᠭᠬᠦ ᠵᠣᠭᠤᠰ ᠤᠨ  ᠲᠤᠭ᠎ᠠ ᠠᠴᠠ  ᠶᠡᠭᠡ  ᠪᠤᠶᠤ  ᠲᠡᠩᠴᠡᠭᠦᠦ ᠪᠠᠶᠢᠪᠠᠯ᠂  ᠨᠢᠭᠡᠨᠲᠡ  ᠲᠤᠰᠢᠶᠠᠭᠰᠠᠨ  ᠬᠤᠪᠢ  ᠬᠥᠮᠦᠨ ᠤ  ᠠᠰᠢᠭ ᠤᠷᠤᠯᠭ᠎ᠠ ᠶᠢᠨ ᠭᠠᠶᠢᠯᠢ ᠶᠢ ᠪᠦᠬᠦᠨ ᠢ ᠪᠤᠴᠠᠭᠠᠵᠤ ᠥᠭᠭᠦᠨ᠎ᠡ︔ ᠰᠢᠨ᠎ᠡ  ᠬᠤᠳᠠᠯᠳᠤᠨ  ᠠᠪᠤᠭᠰᠠᠨ  ᠣᠷᠣᠨ  ᠰᠠᠭᠤᠴᠠ ᠶᠢᠨ ᠵᠣᠭᠤᠰ ᠤᠨ ᠲᠤᠭ᠎ᠠ ᠨᠢ ᠣᠳᠣ ᠶᠢᠨ ᠣᠷᠣᠨ ᠰᠠᠭᠤᠴᠠ ᠪᠠᠨ ᠰᠢᠯᠵᠢᠭᠦᠯᠦᠨ ᠥᠭᠬᠦ ᠵᠣᠭᠤᠰ ᠤᠨ ᠲᠤᠭ᠎ᠠ ᠠᠴᠠ ᠪᠠᠭ᠎ᠠ ᠪᠠᠶᠢᠪᠠᠯ᠂ ᠣᠳᠣ ᠶᠢᠨ ᠣᠷᠣᠨ ᠰᠠᠭᠤᠴᠠ ᠪᠠᠨ ᠰᠢᠯᠵᠢᠭᠦᠯᠦᠨ ᠥᠭᠬᠦ ᠵᠣᠭᠤᠰ ᠤᠨ ᠲᠤᠭ᠎ᠠ ᠳᠠᠬᠢ ᠰᠢᠨ᠎ᠡ ᠬᠤᠳᠠᠯᠳᠤᠨ‌ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠶᠢᠨ ᠡᠵᠡᠯᠡᠬᠦ ᠬᠠᠷᠢᠴᠠᠯ ᠶᠣᠰᠣᠭᠠᠷ ᠣᠳᠣ ᠶᠢᠨ ᠣᠷᠣᠨ ᠰᠠᠭᠤᠴᠠ ᠪᠠᠨ  ᠬᠤᠳᠠᠯᠳᠤᠬᠤ ᠳᠤ ᠨᠢᠭᠡᠨᠲᠡ ᠲᠤᠰᠢᠶᠠᠭᠰᠠᠨ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠶᠢ ᠪᠤᠴᠠᠭᠠᠵᠤ ᠥᠭᠭᠦᠨ᠎ᠡ᠃               ᠭᠤᠷᠪᠠᠨ ᠲᠤᠰᠬᠠᠶ ᠵᠦᠢᠯ ᠤᠨ  ᠨᠡᠮᠡᠯᠲᠡ  ᠰᠠᠭᠤᠳᠬᠠᠯ ᠤᠨ  ᠪᠠᠷᠢᠮᠵᠢᠶ᠎ᠠ ᠶᠢ  ᠳᠡᠭᠡᠭᠰᠢᠯᠡᠭᠦᠯᠤᠭ᠍ᠰᠡᠨ  ᠢᠶᠠᠷ  ᠲᠠᠨ  ᠤ ᠣᠷᠣᠯᠭ᠎ᠠ ᠴᠢᠨᠢ ᠨᠡᠮᠡᠭᠳᠡᠵᠦ ᠮᠡᠳᠡᠨ᠎ᠡ ᠃             ᠸᠠᠩ ᠳ᠋ᠦᠩ ᠸᠧᠶ ᠲᠠᠨᠢᠯᠴᠠᠭᠤᠯᠬᠤ ᠳᠠᠭᠠᠨ᠂ ᠣᠳᠣᠬᠠᠨ ᠳᠤ ᠵᠢᠯ ᠤᠨ ᠣᠷᠣᠯᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢᠬᠢ ᠬᠤᠪᠢ ᠬᠥᠮᠦᠨ ᠦᠨᠳᠦᠰᠦᠨ ᠳᠡᠭᠡᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠥᠬᠡᠶ ᠪᠤᠶᠤ ᠵᠥᠪᠬᠡᠨ ᠪᠠᠭ᠎ᠠ ᠬᠡᠮᠵᠢᠶᠡᠨ ᠤ ᠭᠠᠶᠢᠯᠢ ᠲᠤᠰᠢᠶᠠᠵᠦ ᠪᠠᠶᠢᠨ᠎ᠠ᠃ ᠭᠤᠷᠪᠠᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ᠂ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠡᠭᠦᠷᠭᠡᠯᠡᠯ ᠤᠯᠠᠮ ᠢᠶᠠᠷ ᠬᠦᠡᠭᠭᠡᠷᠡᠬᠦ ᠪᠣᠯᠤᠨ᠎ᠠ᠂ ᠢᠯᠠᠩᠭᠤᠶ᠎ᠠ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠭᠠᠶᠢᠯᠢ ᠬᠥᠩᠭᠡᠯᠡᠬᠦ  ᠬᠡᠪᠴᠢᠶ᠎ᠡ ᠨᠢ ᠨᠠᠩ ᠶᠡᠭᠡ ᠪᠣᠯᠤᠨ᠎ᠠ᠃               ᠵᠢᠱᠢᠶᠡᠯᠡᠪᠡᠯ᠂ ᠭᠠᠶᠢᠯᠢ ᠲᠤᠰᠢᠶᠠᠭᠴᠢ ᠬᠤᠶᠠᠷ ᠬᠡᠦᠬᠡᠳ ᠲᠠᠢ᠂ ᠲᠡᠭᠦᠨ ᠤ ᠡᠴᠢᠭᠡ  ᠪᠤᠶᠤ  ᠡᠵᠢ ᠨᠢ  ᠪᠦᠬᠦᠯᠢ  60 ᠨᠠᠰᠤ ᠬᠦᠷᠦᠭᠰᠡᠨ ᠪᠠᠶᠢᠪᠠᠯ᠂ ᠰᠢᠨ᠎ᠡ ᠰᠠᠭᠤᠳᠬᠠᠯ ᠤᠨ ᠪᠠᠷᠢᠮᠵᠢᠶ᠎ᠠ ᠪᠠᠷ ᠵᠢᠱᠢᠵᠦ ᠪᠤᠳᠤᠪᠠᠯ᠂ ᠡᠨᠡ ᠬᠦ ᠭᠠᠶᠢᠯᠢ ᠲᠤᠰᠢᠶᠠᠭᠴᠢ ᠠᠴᠠ ᠰᠠᠷ᠎ᠠ ᠪᠦᠷᠢ 3000 ᠲᠥᠭᠦᠷᠢᠭ ᠢᠯᠡᠭᠦᠦ ᠰᠠᠭᠤᠯᠭᠠᠨ ᠠᠪᠤᠨ᠎ᠠ᠂ ᠢᠩᠭᠢᠪᠡᠯ ᠨᠢᠭᠡ ᠵᠢᠯ ᠳᠤ 36000 ᠲᠥᠭᠦᠷᠢᠭ ᠢᠯᠡᠭᠦᠦ ᠰᠠᠭᠤᠯᠭᠠᠨ ᠠᠪᠬᠤ ᠪᠤᠯᠤᠨ᠎ᠠ᠃ ᠬᠡᠷᠪᠡ ᠡᠨᠡ ᠭᠠᠶᠢᠯᠢ ᠲᠤᠰᠢᠶᠠᠭᠴᠢ ᠶᠢᠨ ᠵᠢᠯ ᠤᠨ ᠣᠷᠣᠯᠭ᠎ᠠ ᠨᠢ 20 ᠲᠦᠮᠡᠨ ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ ᠨᠢ 54 % ᠳᠤ ᠬᠦᠷᠦᠨ᠎ᠡ︔ ᠬᠡᠷᠪᠡ ᠡᠨᠡ ᠭᠠᠢᠯᠢ ᠲᠤᠰᠢᠶᠠᠭᠴᠢ ᠶᠢᠨ ᠵᠢᠯ ᠤᠨ ᠣᠷᠣᠯᠭ᠎ᠠ  50ᠲᠦᠮᠡᠨ ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ 14 % ᠳᠤ ᠬᠦᠷᠦᠨ᠎ᠡ ᠬᠡᠪᠡ᠃              ︽ᠡᠨᠡ ᠨᠢ ᠰᠠᠭᠤᠭᠠᠯᠢ ᠠᠷᠠᠳ ᠤᠨ ᠬᠤᠪᠢ ᠬᠥᠮᠦᠨ ᠤ ᠡᠵᠡᠮᠳᠡᠵᠦ ᠪᠣᠯᠬᠤ ᠣᠷᠣᠯᠭ᠎ᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠢᠳᠡᠪᠬᠢ ᠦᠢᠯᠡᠳᠦᠯ ᠦᠵᠡᠬᠦᠯᠬᠦ ᠶᠤᠮ︾ ᠭᠡᠵᠦ ᠸᠠᠩ ᠳ᠋ᠦᠩ ᠸᠧᠢ ᠬᠡᠯᠡᠪᠡ᠃              ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠶᠡᠷᠦᠩᠬᠡᠶ ᠨᠢᠭᠲᠠᠯᠠᠨ ᠪᠤᠳᠤᠭᠴᠢ ᠯᠦᠸᠧ ᠲᠢᠶᠠᠨ ᠱᠤ᠋ ᠬᠡᠯᠡᠬᠦ ᠳᠡᠭᠡᠨ᠂ 9 ᠰᠠᠷ᠎ᠠ ᠠᠴᠠ ᠡᠬᠢᠯᠡᠨ᠂ ᠡᠨᠡ ᠵᠢᠯ ᠨᠢᠭᠡᠨᠲᠡ ᠡᠨᠡ ᠭᠤᠷᠪᠠᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠢ ᠲᠠᠭᠯᠠᠨ ᠮᠡᠳᠡᠭᠦᠯᠦᠭᠰᠡᠨ ᠭᠠᠶᠢᠯᠢ ᠲᠤᠰᠢᠶᠠᠭᠴᠢ ᠶᠢᠨ ᠲᠣᠰ ᠬᠥᠮᠦᠨ ᠨᠢ ᠶᠠᠮᠠᠷ ᠴᠤ ᠠᠵᠢᠯᠯᠠᠭ᠎ᠠ ᠬᠢᠬᠦ  ᠬᠡᠷᠡᠭ ᠥᠬᠡᠶ᠂  ᠰᠢᠨ᠎ᠡ ᠰᠢᠰᠲ᠋ᠧᠮ ᠨᠢ ᠤᠤᠯ ᠤᠨ ᠪᠠᠷᠢᠮᠵᠢᠶ᠎ᠠ ᠪᠠᠨ ᠰᠢᠭᠤᠳ ᠰᠢᠨ᠎ᠡ ᠪᠠᠷᠢᠮᠵᠢᠶ᠎ᠠ ᠪᠣᠯᠭᠠᠨ ᠲᠣᠬᠢᠷᠠᠭᠤᠯᠤᠨ᠎ᠡ᠃ ᠡᠭᠦᠨ ᠤ ᠬᠠᠮᠲᠤ᠂ ᠮᠡᠳᠡᠭᠡ ᠵᠠᠩᠭᠢ ᠶᠢᠨ ᠰᠢᠰᠲ᠋ᠧᠮ ᠢ ᠴᠦ ᠰᠢᠨ᠎ᠡ ᠪᠠᠷᠢᠮᠵᠢᠶ᠎ᠠ ᠶᠣᠰᠣᠭᠠᠷ ᠪᠤᠳᠤᠵᠤ᠂ ᠭᠠᠶᠢᠯᠢ ᠲᠤᠰᠢᠶᠠᠭᠴᠢ ᠳᠤ ᠬᠠᠷᠠᠭᠠᠯᠵᠠᠯ ᠤᠨ ᠲᠥᠷᠥ ᠵᠢᠨ‌‍ᠪᠣᠳᠣᠯᠭ᠎ᠠ ᠬᠦᠷᠲᠡᠭᠡᠨ᠎ᠡ ᠭᠡᠪᠡ᠃              ᠲᠡᠷᠡ ᠪᠠᠰᠠ  ᠵᠢᠭᠠᠵᠤ  ᠭᠠᠷᠭᠠᠬᠤ  ᠳᠠᠭᠠᠨ᠂  9  ᠰᠠᠷ᠎ᠠ ᠠᠴᠠ  ᠡᠮᠦᠨ᠎ᠡ  ᠤᠤᠯ ᠤᠨ  ᠪᠠᠷᠢᠮᠵᠢᠶ᠎ᠠ ᠪᠠᠷ  ᠨᠢᠭᠡᠨᠲᠡ ᠤᠷᠢᠳᠴᠢᠯᠠᠨ ᠲᠤᠰᠢᠶᠠᠭᠰᠠᠨ ᠭᠠᠶᠢᠯᠢ ᠶᠢᠨ  ᠵᠣᠭᠤᠰ ᠢ  ᠪᠤᠳᠤᠵᠤ᠂  ᠢᠯᠡᠭᠦᠦ  ᠲᠤᠰᠢᠶᠠᠭᠰᠠᠨ  ᠲᠡᠷᠡ  ᠬᠡᠰᠡᠭ  ᠭᠠᠶᠢᠯᠢ ᠶᠢᠨ ᠵᠣᠭᠤᠰ ᠢ ᠭᠠᠶᠢᠯᠢ  ᠲᠤᠰᠢᠶᠠᠭᠴᠢ  ᠶᠢᠨ  ᠬᠤᠶᠢᠰᠢᠳᠠ ᠶᠢᠨ  ᠬᠡᠳᠦᠨ  ᠰᠠᠷ᠎ᠠ ᠳᠤ  ᠤᠷᠢᠳᠴᠢᠯᠠᠨ  ᠲᠤᠰᠢᠶᠠᠬᠤ  ᠭᠠᠶᠢᠯᠢ ᠶᠢᠨ ᠵᠣᠭᠤᠰ ᠤᠨ ᠳᠣᠲᠣᠷ᠎ᠠ ᠠᠴᠠ  ᠲᠤᠯᠭᠠᠨ  ᠬᠠᠰᠤᠵᠤ  ᠪᠣᠯᠤᠨ᠎ᠠ᠃  ᠬᠡᠷᠪᠡ  ᠡᠨᠡ  ᠵᠢᠯ ᠤᠨ  ᠳᠣᠲᠣᠷ᠎ᠠ  ᠲᠤᠯᠭᠠᠨ  ᠬᠠᠰᠤᠵᠤ ᠳᠠᠭᠤᠰᠤᠭᠰᠠᠨ ᠦᠭᠡᠢ ᠳᠤ ᠬᠦᠷᠪᠡᠯ ᠢᠷᠡᠬᠦ ᠵᠢᠯ ᠳᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠦᠷᠭᠦᠯᠵᠢᠯᠡᠨ ᠡᠳ᠋ᠯᠡᠬᠦᠯᠦᠨ᠎ᠡ ᠬᠡᠵᠡᠢ᠃      
ᠢᠷᠡᠯᠲᠡ᠄ ᠠᠷᠠᠳ ᠤᠨ ᠰᠦᠯᠵᠢᠶ᠎ᠡ