| ᠡᠨᠡ ᠵᠢᠯ ᠤᠨ 9 ᠰᠠᠷ᠎ᠠ ᠶᠢᠨ 23 ᠤ ᠡᠳᠦᠷ ᠪᠣᠯ ᠵᠢᠷᠭᠤᠭᠠᠳᠠᠭᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯᠣᠨ᠎ᠠ᠃ 9 | ᠰᠠᠷ᠎ᠠ ᠶᠢᠨ 19 ᠤ ᠡᠳᠦᠷ᠂ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠥᠪᠥᠷ ᠮᠣᠩᠭᠤᠯ ᠤᠨ ᠭᠤᠣᠯ | ᠬᠤᠷᠠᠯ ᠤᠨ ᠲᠠᠯᠠᠪᠠᠶ ᠶᠢᠨ ᠪᠡᠯᠭᠡᠯᠡᠬᠦ ᠠᠵᠢᠯᠯᠠᠭ᠎ᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠦᠭᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ | ᠲᠥᠪ ᠲᠤ ᠶᠠᠪᠤᠭᠳᠠᠵᠤ᠂ ᠪᠦᠭᠦ ᠣᠷᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠡᠭᠦᠪᠡᠷ ᠡᠬᠢᠯᠡᠵᠡᠢ | ᠃ | ᠡᠨᠡ ᠨᠢ ᠥᠪᠡᠷᠲᠡᠭᠡᠨ ᠵᠠᠰᠠᠬᠤ ᠣᠷᠣᠨ ᠡᠯᠪᠡᠭ ᠬᠤᠷᠢᠶᠠᠯᠲᠠ ᠶᠢᠨ ᠪᠠᠶᠠᠷ ᠢ ᠲᠡᠮᠳᠡᠭᠯᠡᠬᠦ ᠠᠵᠢᠯᠯᠠᠭ᠎ᠠ ᠶᠢ ᠠᠩᠬ᠎ᠠ ᠤᠳᠠᠭ᠎ᠠ ᠬᠤᠳᠠ ᠲᠣᠭᠤᠷᠢᠭ ᠲᠤ ᠡᠷᠭᠢᠯᠡᠵᠤ | ᠪᠠᠶᠢᠭ᠎ᠠ ᠶᠠᠪᠤᠳᠠᠯ ᠪᠣᠯᠣᠨ᠎ᠠ᠃ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠶ᠎ᠡ ᠨᠠᠶᠢᠷᠠᠮᠳᠠᠯ ᠢ ᠠᠬᠢᠭᠤᠯᠬᠤ︾ ᠪᠡᠯᠭᠡᠯᠡᠬᠦ ᠠᠵᠢᠯᠯᠠᠭ᠎ᠠ ᠳᠤ 1 ᠭᠤᠣᠯ ᠬᠤᠷᠠᠯ ᠤᠨ | ᠲᠠᠯᠠᠪᠠᠶ ᠪᠠ 1 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ᠪᠦᠭᠦ ᠣᠷᠣᠨ ᠤ ︽ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠥᠭᠵᠢᠯᠲᠡ ᠶᠢᠨ ᠠᠮᠵᠢᠯᠲᠠ ᠪᠦᠲᠦᠮᠵᠢ ᠪᠠ ᠰᠢᠨ᠎ᠡ ᠴᠠᠭ ᠦᠶ᠎ᠡ ᠶᠢᠨ ᠮᠠᠯᠴᠢᠨ | ᠲᠠᠷᠢᠶᠠᠴᠢᠨ ᠤ ᠴᠤᠭ ᠵᠢᠪᠬᠤᠭ᠎ᠠ ᠶᠢ ᠬᠠᠷᠠᠭᠤᠯᠪᠠ᠃ | ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠳᠤ᠂ 6 ᠲᠦᠮᠡ ᠭᠠᠷᠤᠢ ᠲᠡᠭᠰᠢ ᠳᠥᠷᠪᠡᠯᠵᠢᠨ ᠮᠤᠳ᠋ᠷ ᠲᠠᠯᠠᠪᠠᠢ ᠳᠡᠭᠡᠷ᠎ᠡ 124 ᠥᠪᠡᠷᠮᠢᠴᠡ ᠬᠡᠪ ᠨᠠᠮᠪᠠ | ᠪᠦᠬᠦᠢ ᠳᠡᠯᠭᠡᠨ ᠦᠵᠡᠭᠦᠯᠭᠦ ᠳᠡᠯᠭᠡᠨ ᠪᠣᠷᠣᠯᠠᠭᠤᠯᠬᠤ ᠵᠢᠴᠢ ᠠᠮᠲᠠᠲᠤ ᠢᠳᠡᠭᠡᠨ ᠢ ᠳᠡᠯᠭᠡᠨ ᠦᠵᠡᠭᠦᠯᠭᠦ ᠪᠠ ᠠᠮᠲᠠᠯᠠᠭᠤᠯᠬᠤ ᠣᠷᠣᠨ ᠪᠠᠶᠢᠷᠢ | ᠲᠣᠬᠢᠷᠠᠭᠤᠯᠤᠭᠰᠠᠨ ᠠᠴᠠ ᠪᠦᠭᠦ ᠣᠷᠣᠨ ᠤ 12 ᠠᠶᠢᠮᠠᠭ ᠬᠤᠳᠠ ᠶᠢᠨ 300 ᠭᠠᠷᠤᠢ ᠠᠵᠤ ᠠᠬᠤᠶᠢᠯᠠᠯ ᠤᠨ 1000 ᠭᠠᠷᠤᠢ ᠵᠦᠢᠯ ᠤᠨ ᠣᠨᠴᠠᠯᠢᠭᠲᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠳᠡ ᠳᠡᠯᠭᠡᠨ ᠦᠵᠡᠭᠦᠯᠦᠨ ᠪᠣᠷᠣᠯᠠᠭᠤᠯᠵᠤ᠂ ᠮᠠᠰᠢ ᠣᠯᠠᠨ ᠬᠤᠳᠠ ᠶᠢᠨ ᠠᠷᠠᠳ ᠬᠦᠷᠦᠯᠴᠡᠨ ᠢᠷᠡᠵᠦ | ᠬᠤᠳᠠᠯᠳᠤᠨ ᠠᠪᠬᠤ ᠪᠤᠶᠤ ᠠᠮᠲᠠᠯᠠᠵᠤ ᠦᠵᠡᠭᠰᠡᠨ ᠪᠠᠶᠢᠨ᠎ᠠ᠃ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠳᠡᠭᠡᠷ᠎ᠡ᠂ ᠪᠦᠭᠦ ᠣᠷᠣᠨ ᠤ ︽ᠪᠦᠭᠦ ᠤᠯᠤᠰ ᠤᠨ | ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠦᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠬᠦᠷᠲᠡᠭᠴᠢ ᠪᠠ ᠣᠷᠳᠣᠰ ᠬᠤᠲᠠ ᠶᠢᠨ ︽ | ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠬᠥᠬᠢᠭᠦᠯᠦᠯ | ᠭᠦᠷᠳᠡᠪᠡ︔ ᠣᠷᠳᠣᠰ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ — ︽ᠳᠤᠯᠠᠭᠠᠨ ᠬᠤᠳᠠ ᠶᠢᠨ ᠣᠯᠠᠨ ᠠᠮᠲᠠ︾ ᠶᠢ ᠵᠢᠩᠬᠢᠨᠢ ᠪᠠᠷ ᠨᠡᠶᠢᠲᠡᠯᠡᠪᠡ᠃ ᠳ᠋ᠦᠩᠱᠧᠩ | ᠲᠣᠭᠤᠷᠢᠭ ᠤᠨ ᠱᠧ ᠵᠢᠶᠠ ᠯᠢᠶᠠᠩ ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠶ᠂ ᠬᠥᠳᠡᠭᠡ ᠲᠣᠰᠬᠤᠨ ᠤ ᠠᠮᠲᠠᠲᠤ ᠢᠳᠡᠭᠡᠨ ᠢ ᠳᠡᠯᠭᠡᠷᠡᠭᠦᠯᠬᠦ᠂ ᠬᠥᠳᠡᠭᠡ | ᠲᠣᠰᠬᠤᠨ ᠤ ᠰᠣᠨᠢᠷᠬᠠᠯᠲᠠᠢ ᠦᠷᠢᠰᠦᠯᠳᠦᠭᠡᠨ᠂ ᠬᠥᠳᠡᠭᠡ ᠲᠣᠰᠬᠤᠨ ᠤ ᠳᠠᠭᠤᠤ ᠪᠦᠵᠢᠭ ᠵᠡᠷᠭᠡ ᠪᠡᠯᠭᠡᠯᠡᠬᠦ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠭᠤᠣᠯ | ᠬᠤᠷᠠᠯ ᠤᠨ ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ᠂ ᠬᠤᠲᠠ ᠲᠣᠭᠤᠷᠢᠭ + ᠬᠥᠳᠡᠭᠡ ᠲᠣᠰᠬᠤᠨ ᠬᠠᠷᠢᠯᠴᠠᠨ ᠬᠥᠳᠡᠯᠦᠯᠴᠡᠵᠦ᠂ ᠡᠯᠪᠡᠭ ᠬᠤᠷᠢᠶᠠᠯᠲᠠ ᠪᠠᠨ | ᠬᠠᠮᠲᠤ ᠪᠠᠷ ᠪᠡᠯᠭᠡᠯᠡᠪᠡ᠃ | ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠬᠤᠭᠤᠴᠠᠭᠠᠨ ᠳᠤ ᠪᠦᠬᠦ ᠣᠷᠣᠨ ᠤ ᠪᠣᠬᠢᠷᠳᠤᠯ ᠦᠭᠡᠢ ᠠᠮᠢ ᠠᠬᠤᠢ ᠶᠢᠨ ᠮᠠᠯ ᠠᠵᠤ ᠠᠬᠤᠢ | ᠲᠠᠷᠢᠶᠠᠯᠠᠩ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠬᠤ ᠬᠤᠷᠠᠯ᠂ 9 · 19 ᠡᠯᠧᠺᠳ᠋ᠷᠣᠨ ᠬᠤᠳᠠᠯᠳᠤᠭᠠᠨ ᠤ ᠨᠠᠶᠢᠷ᠂ | ᠤᠯᠠᠭᠠᠨᠮᠦ᠋ᠴᠢᠷ ᠤᠨ ᠲᠣᠬᠯᠠᠯᠲᠠ ᠵᠡᠷᠭᠡ ᠰᠢᠷᠢᠰ ᠠᠵᠢᠯᠯᠠᠭ᠎ᠠ ᠶᠢ ᠡᠷᠭᠢᠯᠡᠭᠦ ᠪᠣᠯᠣᠨ᠎ᠠ᠃ ᠡᠭᠦᠨ ᠤ ᠬᠠᠮᠲᠤ ᠪᠠᠰᠠ ︽ᠡᠯᠪᠡᠭ ᠬᠤᠷᠢᠶᠠᠯᠲᠠ ᠶᠢᠨ ᠰᠢᠯᠢᠳᠡᠭ | ᠪᠦᠲᠦᠭᠡᠭᠳᠡᠬᠦᠨ︾ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ 4 ᠰᠦᠯᠵᠢᠶᠡᠨ ᠣᠳᠣ ᠶᠢ ᠤᠷᠢᠵᠤ ᠪᠦᠭᠦ ᠣᠷᠣᠨ ᠤ 12 | ᠠᠶᠢᠮᠠᠭ ᠬᠤᠲᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠤᠰᠠᠯᠠᠬᠤ ᠰᠢᠭᠤᠳ ᠨᠡᠪᠲᠡᠷᠡᠭᠦᠯᠭᠡ ᠬᠢᠵᠦ ᠪᠠᠷᠠᠭ᠎ᠠ | ᠪᠣᠷᠣᠯᠠᠭᠤᠯᠬᠤ ᠪᠣᠯᠣᠨ᠎ᠠ᠃ | |