| | ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠣᠷᠴᠢᠨ ᠲᠣᠭᠤᠷᠢᠨ ᠤ ᠡᠨᠧᠷᠭᠢ ᠶᠢᠨ ᠠᠷᠠᠯᠵᠢᠶᠠᠨ ᠤ ᠭᠠᠵᠠᠷ ᠤᠨ ᠨᠡᠭᠦᠷᠡᠰᠦᠲᠥ᠋ᠷᠥᠭᠴᠢ ᠶᠢᠨ ᠡᠳ᠋ | ᠬᠦᠷᠦᠩᠭᠡ ᠶᠢᠨ ᠠᠷᠠᠯᠵᠢᠶᠠᠨ ᠤ ᠡᠬᠢᠯᠡᠯᠲᠡ ᠶᠢᠨ ᠶᠣᠰᠣᠯᠠᠯ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ | ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠬᠤᠸᠠ ᠷᠦᠢ ᠹᠧᠩ ᠪᠠᠶᠠᠷ ᠤᠨ ᠦᠭᠡ ᠬᠡᠯᠡᠵᠡᠶ᠃ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠹᠧᠩ ᠶᠦᠨ᠂ ᠬᠤᠲᠠ ᠶᠢᠨ ᠳᠡᠳ᠋ ᠳᠠᠷᠤᠭ᠎ᠠ ᠵᠢᠷᠤᠮᠳᠤ ᠬᠤᠷᠠᠯ ᠳᠤ | ᠣᠷᠣᠯᠴᠠᠵᠠᠶ᠃ | ᠬᠤᠸᠠ ᠷᠦᠢ ᠹᠧᠩ ᠪᠠᠶᠠᠷ ᠤᠨ ᠦᠭᠡ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ | ᠲᠤᠷᠰᠢᠯᠲᠠ ᠶᠢᠨ ᠴᠡᠭ ᠤᠨ ᠠᠶᠢᠮᠠᠭ ᠬᠤᠳᠠ ᠪᠣᠯᠤᠭᠰᠠᠨ ᠤ ᠬᠤᠪᠢ ᠳᠤ᠂ ᠤᠢᠢᠷ᠎ᠠ ᠶᠢᠨ ᠵᠢᠯ ᠠᠴᠠ ᠨᠠᠭᠠᠰᠢ᠂ ᠤᠷᠳᠤᠰ ᠬᠤᠳᠠ ᠶᠢᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠪᠦᠬᠦ ᠤᠯᠤᠰ ᠲᠤ ᠬᠠᠨᠳᠤᠭᠤᠯᠤᠭᠰᠠᠨ | ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠲᠠᠪᠴᠠᠩ ᠢ ᠲᠦᠷᠭᠡᠳᠭᠡᠨ ᠪᠠᠶᠢᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠢ ᠪᠤᠶᠢᠵᠢᠭᠤᠯᠬᠤ᠂ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠰᠢᠨ᠎ᠡ ᠵᠠᠮ ᠭᠠᠷᠭᠠᠬᠤ ᠪᠠᠷ ᠴᠢᠷᠮᠠᠶᠢᠪᠠ᠃ ᠮᠠᠨ ᠤ ᠬᠤᠲᠠ | ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢ ᠠᠬᠢᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠬᠦᠯᠬᠦ᠂ ︽ᠭᠤᠷᠪᠠᠨ ᠳᠥᠷᠪᠡ︾ ᠶᠢᠨ ᠬᠠᠷᠠᠯᠲᠠ ᠶᠢ | ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠶ ᠪᠠᠶᠢᠭᠤᠯᠤᠮᠵᠢ ᠯᠤᠭ᠎ᠠ ᠶᠢᠨ ᠵᠣᠯᠭᠠᠭᠤᠯᠤᠨ | ᠬᠠᠮᠲᠤᠷᠠᠯᠴᠠᠬᠤ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠢᠵᠢ ᠪᠥᠷᠢᠳᠦᠭᠦᠯᠬᠦ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠲᠠ ᠥᠬᠡᠶ | ᠲᠡᠬᠡᠭᠰᠢᠯᠡᠬᠦᠯᠦᠨ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠦᠨ᠎ᠡ ᠲᠣᠭᠲᠠᠭᠠᠬᠤ᠂ ᠨᠡᠭᠦᠷᠡᠰᠦᠲᠥ᠋ᠷᠥᠭᠴᠢ ᠶᠢᠨ ᠮᠥᠩᠭᠦᠨ ᠬᠦᠢᠯᠬᠡᠬᠡᠨ ᠤ | ᠲᠠᠭᠤᠷᠢᠶᠠᠯ ᠦᠵᠡᠭᠦᠯᠬᠦ ᠵᠠᠭᠪᠤᠷ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠣᠷᠳᠣᠰ ᠪᠣᠯᠤᠨ ᠥᠪᠥᠷ ᠮᠣᠩᠭᠤᠯ ᠤᠨ ︽ᠬᠤᠤᠰ ᠨᠡᠭᠦᠷᠡᠰᠦᠲᠥ᠋ᠷᠥᠭᠴᠢ︾ ᠶᠢᠨ | ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠡᠭᠦᠷᠭᠡᠯᠡᠯ ᠲᠠᠢ ᠪᠠᠶᠢᠵᠤ᠂ ᠨᠠᠩ ᠶᠡᠭᠡ ᠬᠤᠪᠢ ᠨᠡᠮᠡᠷᠢ ᠦᠵᠡᠬᠦᠯᠦᠨ᠎ᠡ ᠬᠡᠯ᠎ᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠣᠷᠳᠣᠰ ᠬᠤᠲᠠ ᠬᠢᠭᠡᠳ ᠱᠠᠩᠬᠠᠶ ᠶᠢᠨ ᠣᠷᠴᠢᠨ ᠲᠣᠭᠤᠷᠢᠨ ᠤ ᠡᠨᠧᠷᠭᠢ ᠶᠢᠨ ᠠᠷᠠᠯᠵᠢᠶᠠᠨ ᠤ ᠭᠠᠵᠠᠷ ᠤᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠬᠡᠷ᠂ ᠣᠷᠳᠣᠰ ᠬᠤᠲᠠ ᠶᠢᠨ ᠠᠩᠬᠠᠨ ᠤ CCER ᠣᠶ ᠰᠢᠭᠤᠶ ᠶᠢᠨ ᠦᠢᠯᠡᠰ ᠤᠨ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠯᠤᠰ ᠤᠨ ᠬᠤᠭᠤᠴᠠᠭᠠᠨ ᠤ ᠠᠷᠠᠯᠵᠢᠶᠠᠨ ᠤ ᠬᠡᠯᠡᠯᠴᠡᠬᠡᠷ ᠪᠣᠯᠤᠨ ᠥᠪᠥᠷ ᠮᠣᠩᠭᠤᠯ ᠤᠨ ᠣᠷᠴᠢᠨ ᠲᠣᠭᠤᠷᠢᠨ ᠤ | ᠡᠨᠧᠷᠭᠢ ᠶᠢᠨ ᠠᠷᠠᠯᠵᠢᠶᠠᠨ ᠤ ᠭᠠᠵᠠᠷ ᠤᠨ ᠠᠩᠬᠠᠨ ᠤ CCER ᠲᠥᠷᠥᠯ ᠵᠦᠢᠯ ᠤᠨ ᠰᠠᠨᠠᠮᠵᠢ ᠶᠢᠨ ᠬᠡᠯᠡᠯᠴᠡᠬᠡᠷ ᠲᠤ ᠭᠠᠷ ᠤᠨ ᠥᠰᠥᠭ ᠵᠢᠷᠤᠪᠠ᠃ | | | |