ᠪᠦᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/22
                                    ᠤᠶᠢᠷ᠎ᠠ ᠶᠢᠨ ᠡᠳᠦᠷ᠂ ᠪᠥᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠬᠰᠠᠨ ᠤ ᠬᠠᠮᠲᠦ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠪᠠ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠶᠤᠰᠤ ᠶᠢ ᠪᠠᠷᠢᠮᠳᠠᠯᠠᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ  ᠮᠠᠶ᠋ᠢᠭ ᠤᠨ ᠣᠳᠣᠬᠢᠴᠢᠯᠠᠯᠲᠠ ᠶᠢᠨ ᠤᠷᠳᠤᠰ ᠤᠨ ᠦᠢᠯᠡᠳᠦᠯᠭᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠵᠧᠨ ᠬᠤᠸᠠ᠂ ᠭᠤᠣ  ᠸᠧᠨ ᠾᠧ᠂ ᠯᠢᠦ ᠹᠧᠩ ᠶᠦᠨ᠂ ᠬᠤᠲᠠ ᠶᠢᠨ ᠠᠷᠠᠳ ᠤᠨ ᠲᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠷᠢᠶᠠᠨ ᠲᠠᠷᠤᠭ᠎ᠠ᠂ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠴᠢ ᠳᠠᠷᠤᠭ᠎ᠠ ᠬᠤᠷᠠᠯ ᠳᠤ ᠣᠷᠣᠯᠴᠠᠪᠠ᠃ ᠭᠤᠣ  ᠸᠧᠨ ᠾᠧ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠯᠢ ᠯᠢ᠂ ᠥᠩᠭᠡᠷᠡᠭᠰᠡᠨ ᠲᠠᠪᠤᠨ ᠵᠢᠯ ᠳᠤ᠂ ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠤᠬᠰᠠᠨ ᠪᠠᠶᠢᠨ᠎ᠠ᠃ ᠵᠣᠬᠢᠶᠠᠨ ᠪᠠᠶᠢᠭᠤᠯᠬᠤ ᠠᠵᠢᠯ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠡᠷᠡᠭᠵᠢᠭᠦᠯᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠳᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠡᠬᠦᠷᠭᠡ ᠬᠠᠷᠢᠭᠤᠴᠠᠯᠭᠠᠲᠤ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢ ᠲᠠᠰᠤᠷᠠᠯᠲᠠ ᠥᠬᠡᠶ ᠬᠦᠴᠦᠷᠭᠡᠭᠵᠢᠬᠦᠯᠵᠦ᠂ ᠰᠢᠯᠭᠠᠷᠠᠬᠰᠠᠨ ᠤᠳᠤᠷᠢᠳᠬᠤ ᠪᠠᠭ ᠢ ᠳᠣᠭᠢᠷᠠᠭᠤᠯᠤᠨ᠂ ᠺᠠᠳ᠋ᠷ ᠢ ᠰᠠᠶᠢᠲᠤᠷ ᠬᠡᠷᠡᠭᠯᠡᠨ᠂ ᠴᠢᠳᠠᠪᠤᠷᠢᠲᠠᠨ ᠢ ᠠᠮᠢᠳᠤᠯᠢᠭ ᠢᠶᠠᠷ ᠬᠡᠷᠡᠭᠯᠡᠨ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠣᠷᠳᠣᠰ ᠤᠨ ᠰᠢᠨ᠎ᠡ ᠵᠠᠮ ᠢ ᠨᠡᠭᠡᠭᠡᠨ᠂ ᠡᠮᠦᠨ᠎ᠡ ᠡᠩᠨᠡᠭᠡᠨ ᠳᠤ ᠣᠷᠣᠬᠤ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠪᠡ᠃      ᠯᠢ ᠯᠢ᠂ ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠤᠨ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠴᠤᠬᠴᠠᠯᠠᠬᠤ ᠲᠠᠯ᠎ᠠ ᠪᠠᠷ ᠬᠡᠪ ᠳᠠᠭᠤᠷᠢᠶᠠᠯ ᠪᠤᠯᠵᠤ᠂ ᠰᠢᠯᠭᠠᠷᠠᠭᠰᠠᠨ ᠡᠩᠨᠡᠭᠡ ᠶᠢ ᠪᠠᠶᠢᠭᠤᠯᠬᠤ ᠲᠠᠯ᠎ᠠ ᠪᠠᠷ ᠲᠡᠷᠢᠭᠦᠨ ᠤ ᠬᠢ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢ ᠵᠣᠷᠢᠭᠵᠢᠭᠤᠯᠬᠤ ᠲᠠᠯ᠎ᠠ ᠪᠠᠷ ᠲᠠᠭᠤᠷᠢᠶᠠᠯ ᠦᠵᠡᠭᠦᠯᠵᠦ᠂ ᠪᠦᠬᠦ ᠤᠯᠤᠰ ᠤᠨ ᠲᠡᠷᠢᠭᠦᠨ ᠤ ᠺᠠᠳ᠋ᠷ ᠤᠨ ᠠᠵᠢᠯ ᠤᠨ ᠲᠤᠬᠳᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠦᠬᠦ ᠤᠯᠤᠰ ᠤᠨ ᠲᠡᠷᠢᠭᠦᠨ ᠤ ᠺᠠᠳ᠋ᠷ ᠤᠨ ᠴᠢᠳᠠᠪᠤᠷᠢ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠪᠦᠬᠦ ᠤᠯᠤᠰ ᠤᠨ ᠲᠡᠷᠢᠭᠦᠨ ᠤ ᠺᠠᠳ᠋ᠷ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠤᠢ ᠪᠣᠯᠭᠠᠵᠤ᠂ ᠪᠦᠬᠦ ᠤᠯᠤᠰ ᠤᠨ ᠲᠡᠷᠢᠭᠦᠨ ᠤ ᠺᠠᠳ᠋ᠷ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠪᠦᠬᠦ ᠤᠯᠤᠰ ᠤᠨ ᠲᠡᠷᠢᠭᠦᠨ ᠤ ᠠᠵᠢᠯ ᠤᠨ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠰᠢᠨ᠎ᠡ ᠵᠠᠮ ᠢ ᠲᠦᠷᠭᠡᠳᠭᠡᠨ ᠨᠡᠭᠡᠭᠡᠵᠦ᠂ ᠴᠢᠳᠠᠪᠤᠷᠢᠲᠠᠨ ᠢ ᠲᠠᠳᠠᠬᠤ ᠨᠡᠩ ᠨᠡᠭᠡᠭᠡᠯᠲᠡ ᠲᠠᠢ ᠠᠷᠭ᠎ᠠ ᠵᠠᠮ ᠢ ᠥᠷᠭᠡᠳᠭᠡᠵᠦ᠂ ᠨᠡᠩ ᠥᠨᠳᠥᠷ ᠲᠡᠰ ᠤᠨ ᠴᠢᠳᠠᠪᠤᠷᠢᠲᠠᠨ ᠤ ᠲᠠᠪᠴᠠᠩ ᠢ ᠪᠠᠶᠢᠭᠤᠯᠵᠤ᠂ ᠨᠡᠩ ᠰᠢᠯᠢᠳᠡᠭ ᠦᠢᠯᠡᠴᠢᠯᠡᠭᠡᠨ ᠤ ᠣᠷᠴᠢᠨ ᠠᠬᠤᠢ ᠶᠢ ᠡᠬᠦᠳᠴᠦ᠂ ᠴᠢᠳᠠᠪᠤᠷᠢᠲᠠᠨ ᠤ ᠬᠦᠴᠦᠷᠬᠡᠭ ᠬᠤᠳᠠ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠰᠠᠭᠤᠷᠢ ᠶᠢ ᠪᠠᠬᠢᠵᠢᠭᠦᠯᠬᠦ᠂ ᠲᠣᠭᠲᠠᠴᠠ ᠶᠢ ᠰᠢᠯᠢᠳᠡᠭᠵᠢᠭᠦᠯᠬᠦ᠂ ᠠᠭᠤᠰᠤᠯᠴᠠᠯ ᠢ ᠠᠬᠢᠭᠤᠯᠬᠤ ᠪᠠᠷ ᠬᠦᠴᠦᠯᠡᠵᠦ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠢ ᠬᠠᠮᠵᠢᠯᠴᠠᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠳ᠋ᠦᠩᠱᠧᠩ ᠲᠣᠭᠤᠷᠢᠭ᠂ ᠳᠠᠯᠠᠳ ᠬᠤᠰᠢᠭᠤ᠂ ᠬᠠᠩᠭᠢᠨ ᠬᠤᠰᠢᠭᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠭᠡᠯᠡᠪᠡ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃     
ᠢᠷᠡᠯᠲᠡ᠄ ᠤᠷᠳᠤᠰ ᠤᠨ ᠡᠳᠦᠷ ᠤᠨ ᠰᠤᠨᠢᠨ