8 ᠳ᠋ᠤᠭᠠᠷ ᠰᠠᠷ᠎ᠠ ᠶᠢᠨ ᠠᠵᠤ ᠠᠬᠤᠢ ᠶᠢᠨ ᠡᠵᠡᠩᠨᠡᠯᠲᠡ ᠦᠷᠭᠦᠯᠵᠢᠯᠡᠨ ᠰᠡᠷᠭᠦᠵᠦ᠂ ᠣᠯᠠᠨ ᠵᠢᠭᠠᠯᠲᠠ ᠲᠤᠭ᠎ᠠ ᠨᠡᠮᠡᠭᠳᠡᠵᠦ᠂ ᠢᠳᠡᠪᠬᠢᠲᠡᠢ ᠬᠦᠴᠦᠨ ᠵᠦᠢᠯ ᠣᠯᠠᠰᠢᠷᠠᠪᠠ
ᠨᠡᠶᠢᠲᠡᠯᠡᠭᠰᠡᠨ ᠴᠠᠭ᠄
2023/9/22
      ᠲᠥᠪ ᠷᠠᠳᠢᠤ᠋ ᠶᠢᠨ ᠮᠡᠳᠡᠭᠡ᠄ ᠲᠥᠷᠦ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ  ᠬᠢᠨ 20 ᠤ ᠡᠳᠦᠷ ᠲᠥᠷᠦ ᠶᠢᠨ ᠶᠠᠪᠤᠳᠠᠯ ᠤᠨ ᠬᠤᠷᠢᠶᠠᠨ ᠤ ᠲᠥᠷᠦ ᠶᠢᠨ ᠪᠣᠳᠤᠯᠭ᠎ᠠ ᠶᠢᠨ ᠲᠠᠯ᠎ᠠ ᠪᠠᠷ ᠮᠡᠳᠡᠭᠳᠡᠬᠦ ᠬᠤᠷᠠᠯ ᠬᠢᠵᠡᠢ᠂ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ᠂ ᠠᠵᠤ ᠦᠢᠯᠡᠦᠨᠪᠦᠷᠢ ᠪᠠ ᠴᠢᠮᠡᠭᠡ ᠵᠠᠩᠭᠢᠵᠢᠯᠲᠡ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠤᠨ ᠤᠨ ᠪᠠᠩᠭᠢ ᠵᠡᠷᠭᠡ ᠶᠢᠨ ᠬᠠᠮᠢᠶᠠᠲᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 8 ᠳ᠋ᠤᠭᠠᠷ ᠰᠠᠷ᠎ᠠ ᠶᠢᠨ ᠠᠵᠤ ᠠᠬᠤᠢ ᠶᠢᠨ ᠡᠵᠡᠩᠨᠡᠯᠲᠡ ᠦᠷᠭᠦᠯᠵᠢᠯᠡᠨ ᠰᠡᠷᠭᠦᠵᠦ᠂ ᠣᠯᠠᠨ ᠵᠢᠭᠠᠯᠲᠠ ᠲᠤᠭ᠎ᠠ ᠨᠡᠮᠡᠭᠳᠡᠵᠦ᠂ ᠢᠳᠡᠪᠬᠢᠲᠡᠢ ᠬᠦᠴᠦᠨ ᠵᠦᠢᠯ ᠤᠯᠠᠰᠢᠷᠠᠭᠰᠠᠨ ᠪᠠᠶᠢᠨ᠎ᠠ ᠭᠡᠵᠡᠢ᠃      8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠤᠨ ᠲᠥᠰᠦᠪ ᠤᠨ ᠳᠤᠲᠤᠷᠠᠬᠢ ᠪᠡᠯᠡ ᠣᠷᠤᠭᠤᠯᠤᠯᠲᠠ ᠶᠢ ᠥᠨᠳᠦᠰᠦᠨ ᠳᠡᠭᠡᠨ ᠪᠡᠶᠡᠯᠡᠭᠦᠯᠵᠦ᠂ ᠰᠢᠨ᠎ᠡ ᠪᠠᠷ ᠲᠠᠷᠬᠠᠭᠠᠭᠰᠠᠨ ᠣᠷᠤᠨ ᠨᠤᠲᠤᠭ ᠤᠨ ᠵᠠᠰᠠᠭ ᠤᠨ ᠣᠷᠳᠤᠨ ᠤ ᠲᠤᠰᠬᠠᠢ ᠲᠥᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠦᠬᠦ ᠵᠢᠯ ᠳᠤ ᠡᠵᠡᠯᠡᠬᠦ ᠬᠠᠷᠢᠴᠠᠯ 80% ᠣᠷᠴᠢᠮ ᠪᠣᠯᠵᠤ᠂ ᠰᠠᠭᠤᠷᠢ ᠮᠥᠩᠭᠦ ᠶᠢ ᠪᠠᠭᠤᠯᠭᠠᠭᠰᠠᠨ ᠬᠡᠮᠵᠢᠶ᠎ᠡ ᠨᠡᠮᠡᠭᠳᠡᠵᠦ᠂ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠦᠨᠴᠦ᠂ ᠬᠠᠳᠠᠭᠠᠯᠠᠮᠵᠢ ᠶᠢᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠨᠣᠷᠮ᠎ᠠ ᠪᠠᠭᠤᠷᠠᠵᠤ ᠂ ᠭᠦᠢᠯᠭᠡᠭᠡ ᠵᠦᠢ ᠵᠣᠬᠢᠰᠲᠠᠢ ᠭᠦᠢᠴᠡᠦᠨ ᠪᠠᠶᠢᠬᠤ ᠪᠠᠨ ᠦᠷ᠎ᠡ ᠪᠦᠲᠦᠮᠵᠢ ᠲᠠᠢ ᠪᠠᠲᠤᠯᠠᠵᠤ᠂ ᠬᠠᠩᠭᠠᠯᠭ᠎ᠠ ᠪᠠ ᠬᠡᠷᠡᠭᠴᠡᠭᠡ ᠦᠷᠭᠦᠯᠵᠢᠯᠡᠨ ᠰᠡᠷᠭᠦᠭᠰᠡᠨ ᠪᠠᠶᠢᠨ᠎ᠠ᠃ ᠡᠭᠦᠨ ᠤ ᠵᠡᠷᠭᠡᠪᠡᠷ᠂ ᠮᠠᠨ ᠤ ᠤᠯᠤᠰ ᠤᠨ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠦᠨᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠰᠦᠢᠦᠨᠬᠡᠯ ᠤᠨ ᠬᠠᠷᠠᠭᠠᠯᠵᠠᠯ᠂ ᠣᠷᠤᠨ ᠰᠠᠭᠤᠴᠠ ᠶᠢ ᠪᠠᠷᠢᠵᠤ ᠪᠠᠶᠢᠭᠤᠯᠬᠤ ᠳᠤ ᠠᠪᠤᠭᠰᠠᠨ ᠵᠢᠭᠡᠯᠡᠯᠭᠡ ᠪᠠᠨ ᠲᠤᠰᠢᠶᠠᠭᠴᠢᠤᠨ ᠢ ᠳᠡᠮᠵᠢᠬᠦ ᠲᠥᠯᠦᠪᠯᠡᠭᠡ ᠵᠡᠷᠭᠡ ᠨᠢᠭᠡ ᠪᠦᠯᠦᠭ ᠲᠥᠷᠦ ᠶᠢᠨ ᠪᠣᠳᠤᠯᠭ᠎ᠠ ᠶᠢ ᠤᠷᠲᠤᠤᠨᠬᠠᠨ ᠰᠢᠯᠢᠳᠡᠭᠵᠢᠭᠦᠯᠵᠦ᠂ ᠨᠠᠶᠢᠳᠠᠪᠤᠷᠢᠵᠢᠭᠤᠯᠬᠤ ᠪᠠᠨ ᠴᠢᠩᠭᠠᠤᠨᠬᠠᠭᠰᠠᠨ ᠪᠠᠶᠢᠨ᠎ᠠ᠃ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠤᠨ ᠳᠡᠳ᠋ ᠡᠷᠬᠢᠯᠡᠭᠴᠢ ᠼᠦᠩ ᠯᠢᠶᠠᠩ ᠲᠠᠨᠢᠯᠴᠠᠭᠤᠯᠬᠤ ᠳᠠᠭᠠᠨ᠂ 8 ᠳ᠋ᠤᠭᠠᠷ ᠰᠠᠷ᠎ᠠ ᠳᠤ ᠬᠡᠪᠴᠢᠶᠡᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠪᠠ ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠮᠡᠳᠡᠭᠳᠡᠮ᠎ᠡ ᠰᠡᠷᠭᠦᠵᠦ᠂ ᠠᠵᠤ ᠠᠬᠤᠢ ᠶᠢᠨ ᠡᠵᠡᠩᠨᠡᠯᠲᠡ ᠶᠢᠨ ᠶᠠᠪᠤᠴᠠ ᠳᠤ ᠢᠳᠡᠪᠬᠢᠲᠡᠢ ᠬᠦᠴᠦᠨ ᠵᠦᠢᠯ ᠢᠯᠡᠷᠡᠵᠦ᠂ ᠠᠮᠵᠢᠯᠲᠠ ᠣᠯᠬᠤ ᠪᠠᠶᠢᠳᠠᠯ ᠨᠡᠮᠡᠭᠳᠡᠵᠦ᠂ ᠨᠡᠶᠢᠭᠡᠮ ᠤᠨ ᠵᠢᠱᠢᠭᠰᠡᠨ ᠬᠠᠷᠠᠯᠲᠠ ᠰᠠᠶᠢᠨ ᠬᠠᠨᠳᠤᠰᠢ ᠲᠠᠢ ᠪᠣᠯᠣᠭᠰᠠᠨ ᠪᠠᠶᠢᠨ᠎ᠠ ᠭᠡᠵᠡᠢ᠃      ᠣᠳᠤᠬᠠᠨ ᠤ ᠮᠠᠨ ᠤ ᠤᠯᠤᠰ ᠤᠨ ᠡᠳ᠋ ᠤᠨ ᠵᠠᠰᠠᠭ ᠤᠨ ᠡᠵᠡᠩᠨᠡᠯᠲᠡ ᠶᠢᠨ ᠶᠡᠷᠦᠩᠬᠡᠢ ᠪᠠᠶᠢᠳᠠᠯ ᠲᠣᠭᠲᠠᠪᠤᠷᠢᠲᠠᠢ ᠪᠠᠶᠢᠵᠤ᠂ ᠶᠡᠷᠦᠩᠬᠡᠢ ᠪᠠᠶᠢᠳᠠᠯ ᠠᠴᠠ ᠦᠵᠡᠬᠦ ᠳᠤ᠂ 1-8 ᠳ᠋ᠤᠭᠠᠷ ᠰᠠᠷ᠎ᠠ ᠪᠣᠯᠲᠠᠯ᠎ᠠ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠰᠠᠶᠢᠵᠢᠷᠠᠵᠤ ᠪᠠᠶᠢᠨ᠎ᠠ᠃ ᠡᠳ᠋ ᠤᠨ ᠵᠠᠰᠠᠭ ᠤᠨ ᠶᠠᠮᠤᠨ ᠤ ᠤᠯᠤᠰ ᠤᠨ ᠰᠠᠩ ᠤᠨ ᠵᠤᠷᠭᠠᠨ ᠤ ᠳᠠᠷᠤᠭ᠎ᠠ ᠯᠢ ᠰᠢᠶᠠᠨ ᠵᠦᠩ ᠢᠯᠡᠷᠬᠡᠶᠢᠯᠡᠬᠦ ᠳᠡᠭᠡᠨ᠂ 2023 ᠣᠨ ᠳᠤ᠂ ᠲᠥᠪ ᠤᠨ ᠡᠳ᠋ ᠤᠨ ᠵᠠᠰᠠᠭ ᠤᠨ ᠲᠣᠬᠢᠷᠠᠭᠤᠯᠤᠯᠲᠠ ᠪᠠᠷ ᠣᠷᠤᠨ ᠨᠤᠲᠤᠭ ᠲᠤ 10 ᠲᠦᠮᠡ 6 ᠵᠠᠭᠤᠨ ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂ ᠣᠷᠤᠨ ᠨᠤᠲᠤᠭ ᠤᠨ ᠡᠳ᠋ ᠤᠨ ᠵᠠᠰᠠᠭ ᠤᠨ ᠲᠣᠭᠲᠠᠪᠤᠷᠢᠲᠠᠢ ᠡᠵᠡᠩᠨᠡᠯᠲᠡ ᠳᠤ ᠬᠦᠴᠦᠨ ᠲᠡᠭᠦᠯᠳᠡᠷ ᠡᠳ᠋ ᠤᠨ ᠵᠠᠰᠠᠭ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠠᠴᠠ ᠣᠷᠤᠨ ᠨᠤᠲᠤᠭ ᠲᠤ 9 ᠲᠦᠮᠡ 5 ᠮᠢᠩᠭ᠎ᠠ 5 ᠵᠠᠭᠤᠨ ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂ ᠨᠥᠬᠦᠴᠡᠯ ᠳᠤ ᠬᠦᠷᠦᠭᠰᠡᠨ ᠪᠡᠯᠡ ᠮᠥᠩᠭᠦ ᠶᠢ ᠪᠦᠬᠦᠨ ᠢ ᠳᠠᠭᠤᠰᠬᠠᠭᠰᠠᠨ ᠪᠠᠶᠢᠨ᠎ᠠ ᠭᠡᠵᠡᠢ᠃    
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ